ᠵᠢᠶᠠᠩᠰᠦ ᠶᠢᠨ ᠪᠠᠭᠰᠢ ᠶᠢᠨ ᠺᠠᠳ᠋ᠷ ᠤᠨ ᠪᠣᠯᠪᠠᠰᠤᠷᠠᠯ ᠤᠨ ᠲᠥᠪ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠠᠶᠢᠷᠤᠪ ᠤᠨ ᠲᠣᠬᠤᠶ ᠲᠣᠭᠤᠷᠢᠭ ᠲᠤ ᠬᠦᠷᠴᠦ ᠵᠢᠭᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/7/12
      ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠯ ᠤᠨ ᠰᠤᠳᠤᠯᠤᠨ ᠰᠤᠷᠤᠯᠴᠠᠬᠤ ᠠᠩᠬᠢ ᠶᠢᠨ ᠠᠵᠢᠯᠯᠠᠭ᠎ᠠ ᠶᠢᠨ ᠪᠦᠬᠦᠯᠢ ᠴᠣᠭᠴᠠ ᠶᠢᠨ ᠲᠤᠬᠢᠷᠠᠭᠤᠯᠤᠯᠳᠠ ᠶᠢ ᠦᠨᠳᠦᠰᠦᠯᠡᠨ᠂ 7 ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ᠂ ᠨᠠᠨᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠬᠠᠭᠠᠨ ᠤ ᠳ᠋ᠣᠺᠲ᠋ᠣᠷ᠂ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠬᠴᠢ ᠪᠠᠭᠰᠢ᠂ ᠳᠡᠳ᠋ ᠵᠠᠬᠢᠷᠤᠯ ᠯᠢᠦ ᠵᠢᠶᠠᠨ᠂ ᠵᠢᠶᠠᠩᠰᠦ ᠮᠤᠵᠢ ᠶᠢᠨ ᠪᠠᠭᠰᠢ ᠶᠢᠨ ᠺᠠᠳ᠋ᠷ ᠤᠨ ᠪᠣᠯᠪᠠᠰᠤᠷᠠᠯ ᠤᠨ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ ᠵᠢᠢ ᠴᠦᠨ ᠮᠧᠢ ᠫᠷᠤᠹᠧᠰᠰᠤᠷ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠲᠤᠰ ᠲᠤᠰ ︽ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ — ᠪᠠᠭᠰᠢ ᠶᠢᠨ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠰᠠᠭᠤᠷᠢ︾᠂ ︽ᠰᠢᠨ᠎ᠡ ᠴᠠᠭ ᠦᠶ᠎ᠡ ᠶᠢᠨ ᠵᠠᠬᠢᠷᠤᠯ ᠤᠨ ᠬᠤᠪᠢᠰᠤᠯᠲᠠ ᠶᠢᠨ ᠤᠳᠤᠷᠢᠳᠬᠤ ᠬᠦᠴᠦᠨ ᠤ ᠦᠷᠳᠡᠭ ᠤᠨ ᠪᠣᠳᠣᠯᠬᠢᠯᠠᠯ ᠪᠣᠯᠤᠨ ᠦᠢᠯᠡᠳᠦᠯᠭᠡ ᠶᠢᠨ ᠤᠬᠠᠮᠰᠠᠷ︾ ᠭᠡᠬᠦ ᠭᠤᠣᠯ ᠰᠡᠳᠦᠪᠲᠦ ᠲᠤᠰᠬᠠᠢ ᠰᠡᠳᠦᠪᠲᠦ ᠮᠡᠳᠡᠭᠦᠯᠦᠯᠲᠡ ᠬᠢᠪᠡ᠃      ᠲᠣᠰ ᠤᠳᠠᠭᠠᠨ ᠤ ᠠᠵᠢᠯᠯᠠᠭ᠎ᠠ ᠪᠣᠯ ᠵᠢᠶᠠᠩᠰᠦ ᠶᠢᠨ ᠪᠠᠭᠰᠢ ᠶᠢᠨ ᠺᠠᠳ᠋ᠷ ᠤᠨ ᠪᠣᠯᠪᠠᠰᠤᠷᠠᠯ ᠤᠨ ᠲᠥᠪ ᠤᠨ ᠬᠠᠶᠢᠷᠤᠪ ᠤᠨ ᠲᠣᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠰᠤᠳᠤᠯᠤᠨ ᠰᠤᠷᠤᠯᠴᠠᠬᠤ ᠠᠩᠭᠢ ᠳᠤ ᠬᠠᠷᠢᠭᠤ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤ᠋ ᠶᠠᠨ ᠠᠵᠢᠯᠯᠠᠭ᠎ᠠ ᠳᠤ ᠣᠷᠣᠯᠴᠠᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ 100 ᠭᠠᠷᠤᠢ ᠬᠥᠮᠦᠨ ᠮᠡᠳᠡᠭᠦᠯᠦᠯᠲᠡ ᠶᠢ ᠰᠣᠨᠣᠰᠴᠠᠢ᠃      ᠯᠢᠦ ᠵᠢᠶᠠᠨ ᠫᠷᠤᠹᠧᠰᠰᠤᠷ ᠰᠤᠷᠭᠠᠨ ᠬᠥᠮᠦᠵᠢᠯ ᠤᠨ ᠪᠣᠳᠠᠲᠤ ᠠᠰᠠᠭᠤᠳᠠᠯ ᠪᠣᠯᠤᠨ ᠪᠠᠭᠰᠢ ᠶᠢᠨ ᠶᠣᠰᠣ ᠰᠤᠷᠲᠠᠬᠤᠨ ᠤ ᠬᠡᠪ ᠳᠦᠷᠢᠮ ᠢᠶᠠᠨ ᠠᠯᠳᠠᠭᠰᠠᠨ ᠪᠣᠳᠠᠲᠤ ᠵᠢᠱᠢᠶ᠎ᠡ ᠠᠴᠠ ᠲᠤᠰ ᠲᠤᠰ ᠶᠣᠰᠣ ᠰᠤᠷᠲᠠᠬᠤᠨ ᠪᠠ ᠪᠣᠳᠠᠲᠤ ᠠᠬᠤᠢ ᠶᠢᠨ ᠬᠤᠶᠠᠷ ᠳᠠᠪᠬᠤᠷᠭ᠎ᠠ ᠠᠴᠠ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠠᠴᠠ ᠪᠠᠭᠰᠢ ᠨᠠᠷ ᠲᠤ ᠦᠵᠡᠭᠦᠯᠬᠦ ᠦᠨᠳᠦᠰᠦᠨ ᠴᠢᠨᠠᠷᠲᠠᠢ ᠱᠠᠭᠠᠷᠳᠠᠯᠭ᠎ᠠ ᠶᠢ ᠵᠠᠳᠠᠯᠵᠤ᠂ ᠪᠠᠭᠰᠢ ᠶᠢᠨ ᠰᠠᠶᠢᠬᠠᠨ ᠰᠤᠷᠲᠠᠯ ᠤᠨ ᠠᠭᠤᠯᠤᠭᠳᠠᠬᠤᠨ ᠪᠠ ᠰᠢᠰᠲ᠋ᠧᠮ ᠢ ᠲᠠᠨᠢᠯᠴᠠᠭᠤᠯᠵᠤ᠂ ᠪᠠᠭᠰᠢ ᠶᠢᠨ ᠶᠣᠰᠣ ᠰᠤᠷᠲᠠᠬᠤᠨ ᠤ ᠵᠢᠷᠤᠮᠵᠢᠯ ᠤᠨ ᠴᠢᠨᠠᠷᠲᠠᠢ ᠪᠣᠳᠠᠲᠠᠢ ᠠᠭᠤᠯᠭ᠎ᠠ ᠶᠢ ᠲᠠᠶᠢᠯᠪᠤᠷᠢᠯᠠᠵᠤ᠂ ᠪᠠᠭᠰᠢ ᠶᠢᠨ ᠶᠣᠰᠣ ᠰᠤᠷᠲᠠᠬᠤᠨ ᠤ ᠵᠢᠷᠤᠮᠵᠢᠯ ᠪᠠ ᠬᠠᠮᠲᠤ ᠶᠢᠨ ᠴᠣᠭᠴᠠ ᠶᠢᠨ ᠳᠣᠲᠣᠭᠠᠳᠤ ᠠᠴᠢ ᠬᠤᠯᠪᠣᠭᠳᠠᠯ ᠢ ᠲᠣᠳᠣᠷᠬᠠᠶᠢᠯᠠᠵᠠᠢ᠃ ᠲᠠᠶᠢᠯᠤᠮᠵᠢ ᠶᠢᠨ ᠠᠭᠤᠯᠭ᠎ᠠ ᠨᠢ ᠪᠠᠶᠠᠯᠢᠭ᠂ ᠰᠢᠰᠲ᠋ᠧᠮ ᠤᠨ ᠯᠣᠭᠢᠭ ᠨᠢ ᠴᠢᠩᠭ᠎ᠠ ᠨᠢᠮᠪᠠᠶ ᠪᠠᠶᠢᠵᠤ᠂ ᠰᠤᠷᠭᠠᠨ ᠬᠥᠮᠦᠵᠢᠯ ᠤᠨ ᠮᠥᠨ ᠴᠢᠨᠠᠷ ᠢ ᠦᠨᠳᠦᠰᠦᠨ ᠠᠴᠠ ᠨᠢ ᠬᠠᠷᠢᠭᠤᠯᠪᠠ᠃     ᠵᠢᠢ ᠴᠦᠨ ᠮᠧᠶ ᠳᠡᠳ᠋ ᠡᠷᠬᠢᠯᠡᠭᠴᠢ ᠶᠢᠨ ᠲᠤᠰᠬᠠᠶ ᠰᠡᠳᠦᠪᠲᠦ ᠮᠡᠳᠡᠭᠦᠯᠦᠯᠲᠡ ᠨᠢ ︽ᠰᠢᠨ᠎ᠡ ᠴᠠᠭ ᠦᠶ᠎ᠡ ᠳᠤ ᠰᠤᠷᠭᠠᠭᠤᠯᠢ ᠶᠢᠨ ᠵᠠᠬᠢᠷᠤᠯ ᠤᠨ ᠬᠤᠪᠢᠰᠤᠯᠲᠠ ᠶᠢᠨ ᠤᠳᠤᠷᠢᠳᠬᠤ ᠬᠦᠴᠦᠨ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ ︾ ︽ᠰᠤᠷᠭᠠᠭᠤᠯᠢ ᠶᠢᠨ ᠵᠠᠬᠢᠷᠤᠯ ᠤᠨ ᠬᠤᠪᠢᠰᠬᠠᠯ ᠤᠨ ᠤᠳᠤᠷᠢᠳᠬᠤ ᠬᠦᠴᠦᠨ ᠤ ᠲᠤᠬᠠᠶ ᠦᠨ᠎ᠡ ᠥᠷᠲᠡᠭ ᠤᠨ ᠲᠤᠬᠠᠶ ᠪᠣᠳᠣᠯᠬᠢᠯᠠᠯ︾ ︽ᠰᠤᠷᠭᠠᠭᠤᠯᠢ ᠶᠢᠨ ᠵᠠᠬᠢᠷᠤᠯ ᠤᠨ ᠤᠳᠤᠷᠢᠳᠬᠤ ᠰᠤᠷᠭᠠᠭᠤᠯᠢ ᠶᠢᠨ ᠬᠤᠪᠢᠰᠤᠯᠲᠠ ᠶᠢᠨ ᠦᠢᠯᠡᠳᠦᠯᠭᠡ ᠶᠢᠨ ᠤᠬᠠᠮᠰᠠᠷ︾ ︽ᠢᠲᠡᠭᠡᠯ ᠳᠤ ᠰᠠᠭᠤᠷᠢᠯᠠᠭᠰᠠᠨ ᠰᠤᠷᠭᠠᠭᠤᠯᠢ ᠶᠢᠨ ᠵᠠᠬᠢᠷᠤᠯ ᠤᠨ ᠬᠤᠪᠢᠰᠤᠯᠲᠠ ᠶᠢᠨ ᠤᠳᠤᠷᠢᠳᠬᠤ ᠬᠦᠴᠦᠨ ᠤ ᠬᠡᠪ ᠪᠣᠯᠪᠠᠰᠤᠷᠠᠯ︾ ︽ᠰᠤᠷᠭᠠᠭᠤᠯᠢ ᠶᠢᠨ ᠵᠠᠬᠢᠷᠤᠯ ᠤᠨ ᠤᠳᠤᠷᠢᠳᠬᠤ ᠬᠦᠴᠦᠨ ᠤ ᠬᠥᠭᠵᠢᠯᠲᠡ ᠶᠢᠨ ᠤᠬᠠᠮᠰᠠᠷ︾ ᠭᠡᠬᠦ ᠲᠠᠪᠤᠨ ᠲᠠᠯ᠎ᠠ ᠠᠴᠠ ᠲᠣᠳᠣᠷᠬᠠᠶᠢᠯᠠᠨ ᠥᠭᠦᠯᠡᠪᠡ᠃ ᠰᠤᠷᠭᠠᠭᠤᠯᠢ ᠶᠢᠨ ᠵᠠᠬᠢᠷᠤᠯ ᠪᠣᠯ ᠤᠳᠤᠷᠢᠳᠤᠯᠭ᠎ᠠ ᠶᠢᠨ ᠰᠤᠷᠤᠯᠴᠠᠯᠭ᠎ᠠ ᠶᠢᠨ ᠬᠤᠪᠢᠰᠤᠯᠲᠠ ᠶᠢᠨ ᠨᠢᠭᠡᠳᠦᠭᠡᠷ ᠬᠥᠮᠦᠨ ᠮᠥᠨ᠂ ᠶᠠᠭᠠᠬᠢᠵᠤ ᠬᠢᠬᠦ᠂ ᠶᠠᠭᠤᠨ ᠳᠤ ᠢᠩᠭᠢᠵᠦ ᠬᠢᠬᠦ ᠶᠢ ᠮᠡᠳᠡᠬᠦ ᠬᠡᠷᠡᠭᠲᠡᠶ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠩ ᠲᠡᠷᠢᠭᠦᠨ ᠳᠤ ᠤᠯᠤᠰ ᠲᠦᠷᠦᠴᠢᠨ ᠮᠥᠨ᠂ ᠳᠠᠷᠠᠭ᠎ᠠ ᠨᠢ ᠰᠠᠶ᠋ᠢ ᠰᠤᠷᠭᠠᠨ ᠬᠥᠮᠦᠵᠢᠯᠲᠡᠨ ᠮᠥᠨ᠃ ᠪᠦᠬᠦ᠋ᠢᠯᠡ ᠲᠠᠶᠢᠯᠤᠮᠵᠢ ᠶᠢᠨ ᠭᠤᠣᠯ ᠬᠦᠴᠦᠨ ᠵᠦᠢᠯ ᠨᠢ ᠢᠲᠡᠭᠡᠯ ᠲᠠᠢ ᠰᠤᠷᠭᠠᠭᠤᠯᠢ ᠶᠢᠨ ᠵᠠᠬᠢᠷᠤᠯ ᠤᠨ ᠤᠳᠤᠷᠢᠳᠬᠤ ᠬᠦᠴᠦᠨ ᠤ ᠳᠡᠭᠡᠭᠰᠢᠯᠡᠯᠲᠡ ᠶᠢᠨ ᠲᠣᠭᠤᠷᠢᠨ ᠳᠤ ᠭᠤᠣᠯᠳᠠᠭᠤᠯᠤᠨ᠎ᠠ᠄ ᠨᠢᠭᠡ ᠳᠤ ᠥᠪᠡᠷ ᠢ ᠪᠠᠨ ᠬᠤᠪᠢᠷᠠᠭᠤᠯᠬᠤ ᠬᠡᠷᠡᠭᠲᠡᠢ︔ ᠬᠤᠶᠠᠷ ᠲᠤ ᠪᠤᠰᠤᠳ ᠲᠠᠢ ᠬᠤᠯᠪᠣᠬᠤ ᠬᠡᠷᠡᠭᠲᠡᠶ︔ ᠭᠤᠷᠪᠠ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠷᠡᠭᠲᠡᠢ︔ ᠲᠦᠷᠪᠡ ᠳᠤ᠂ ᠢᠳᠡᠪᠬᠢᠲᠡᠢ ᠪᠠᠷ ᠬᠠᠮᠲᠤ ᠣᠷᠣᠰᠢᠬᠤ ᠬᠡᠷᠡᠭᠲᠡᠢ᠃      ᠳᠣᠲᠣᠭᠠᠳᠤ ᠭᠠᠳᠠᠭᠠᠳᠤ ᠬᠤᠶᠠᠷ ᠲᠠᠯ᠎ᠠ ᠶᠢ ᠵᠡᠷᠭᠡᠪᠡᠷ ᠵᠠᠰᠠᠨ ᠳᠡᠭᠡᠭᠰᠢᠯᠡᠭᠦᠯᠵᠦ ᠤᠳᠤᠷᠢᠳᠬᠤ ᠬᠦᠴᠦᠨ ᠢᠶᠠᠨ  ᠳᠡᠭᠡᠭᠰᠢᠯᠡᠭᠦᠯᠤᠶ᠎ᠡ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠠᠶᠢᠷᠤᠪ ᠤᠨ ᠲᠣᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠤᠬᠡᠳ ᠤᠨ ᠴᠡᠴᠡᠷᠯᠢᠭ ᠤᠨ ᠳᠠᠷᠤᠭ᠎ᠠ ᠳᠤ ᠰᠤᠷᠤᠯᠴᠠᠵᠤ ᠰᠣᠯᠢᠯᠴᠠᠬᠤ ᠲᠣᠬᠢᠶᠠᠯ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠰᠤᠷᠭᠠᠭᠤᠯᠢ ︵ᠴᠡᠴᠡᠷᠯᠢᠭ︶᠎ ᠶᠢᠨ ᠳᠠᠷᠤᠭ᠎ᠠ ᠶᠢᠨ ᠰᠤᠷᠭᠠᠭᠤᠯᠢ ᠶᠢᠨ ᠢᠷᠡᠭᠡᠳᠦᠶ ᠶᠢᠨ ᠬᠥᠭᠵᠢᠯᠲᠡ ᠳᠤ ᠨᠠᠩ ᠲᠣᠳᠣᠷᠬᠠᠶ ᠰᠤᠳᠠᠰᠤ ᠲᠠᠢ ᠪᠣᠯᠵᠣ᠂ ᠨᠠᠩ ᠣᠨᠣᠪᠴᠢᠲᠠᠶ ᠲᠥᠯᠥᠪᠵᠢᠭᠦᠯᠭᠡ ᠶᠢᠨ ᠰᠡᠳᠬᠢᠴᠡ ᠲᠠᠢ ᠪᠣᠯᠤᠭᠰᠠᠨ ᠪᠥᠭᠡᠳ ᠨᠠᠩ ᠭᠦᠢᠴᠡᠤᠡ ᠠᠵᠢᠯᠯᠠᠭᠠᠨ ᠤ ᠢᠲᠡᠭᠡᠯ ᠵᠣᠷᠢᠭ ᠲᠠᠢ ᠪᠣᠯᠵᠣ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠭᠤᠯᠢ ︵ᠴᠡᠴᠡᠷᠯᠢᠭ︶᠎ ᠶᠢᠨ ᠳᠠᠷᠤᠭ᠎ᠠ ᠶᠢᠨ ᠰᠤᠷᠭᠠᠭᠤᠯᠢ ᠶᠢᠨ ᠲᠥᠯᠥᠪᠵᠢᠭᠦᠯᠭᠡ ᠶᠢᠨ ᠴᠢᠳᠠᠪᠤᠷᠢ ᠶᠢ ᠨᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠨᠢ ᠯᠠᠪᠲᠠᠶ ᠶᠤᠮ᠃

1689045437220006793.png

1689045428252057663.png

1689045447095040836.png

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号