ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶ᠎ᠠ ︽ᠭᠡᠷ ᠪᠠᠶᠢᠰᠢᠩ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾᠂  ᠭᠠᠵᠠᠷ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠦᠭᠡᠷᠡᠴᠢᠯᠡᠯᠲᠡ ᠶᠢᠨ ᠠᠵᠢᠯ ᠢᠶᠠᠨ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2023/7/14
      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠨᠢ ᠦᠨᠳᠦᠰᠦᠨ ᠠᠴᠠ ᠨᠢ ᠰᠢᠢᠳᠪᠦᠷᠢᠯᠡᠬᠦ ᠶᠢᠨ ᠲᠥᠯᠥᠭᠡ᠂ ᠠᠵᠤ ᠠᠬᠤᠶᠢᠯᠠᠯ ᠪᠠ ᠣᠯᠠᠨ ᠲᠦᠮᠡᠨ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠨᠢ ᠦᠨᠡᠨ ᠬᠦ ᠮᠡᠳᠡᠷᠡᠭᠦᠯᠬᠦ ᠶᠢᠨ ᠲᠥᠯᠥᠭᠡ᠂ ᠮᠠᠨ ᠤ ᠬᠤᠲᠠ ︽ᠭᠡᠷ ᠪᠠᠶᠢᠰᠢᠩ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾᠂ ︽ᠭᠠᠵᠠᠷ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾ ᠲᠠᠯ᠎ᠠ ᠶᠢᠨ ᠥᠭᠡᠷᠡᠴᠢᠯᠡᠯᠲᠡ ᠶᠢᠨ ᠠᠵᠢᠯ ᠢᠶᠠᠨ ᠦᠷᠭᠦᠯᠵᠢ ᠶᠠᠪᠤᠭᠳᠠᠭᠤᠯᠵᠤ᠂ ᠰᠢᠨ᠎ᠡ ᠶᠢ ᠡᠭᠦᠳᠴᠦ ᠳᠠᠬᠢᠨ ᠤᠷᠤᠭᠰᠢᠯᠠᠪᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠤᠷᠢᠳᠠᠪᠠᠷ ᠦᠢᠯᠡᠴᠢᠯᠡᠵᠦ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ᠂ ᠭᠡᠷ ᠪᠠᠶᠢᠰᠢᠩ ᠬᠤᠳᠠᠯᠳᠤᠨ ᠠᠪᠬᠤ ᠥᠮᠴᠢᠲᠡᠨ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠦᠭᠵᠢᠷᠡᠯ᠂ ᠡᠪᠡᠷᠰᠢᠶᠡᠯ᠂ ᠬᠦᠴᠢᠷ ᠠᠰᠠᠭᠤᠳᠠᠯ ᠢ ᠨᠢ ᠴᠢᠩᠭ᠎ᠠ ᠠᠩᠬᠠᠷᠴᠤ᠂ ᠠᠵᠤ ᠠᠬᠤᠶᠢᠯᠠᠯ ᠢ ᠲᠦᠯᠦᠪᠦᠷᠢᠲᠡᠢ ᠰᠢᠯᠵᠢᠭᠦᠯᠬᠦ ᠭᠡᠷ᠎ᠡ ᠲᠣᠭᠲᠠᠵᠤ᠂ ᠭᠡᠷ ᠪᠠᠶᠢᠰᠢᠩ ᠬᠤᠳᠠᠯᠳᠤᠨ ᠠᠪᠤᠭᠴᠢ ᠠᠴᠠ ᠭᠡᠷ ᠪᠠᠶᠢᠰᠢᠩ ᠤᠨ ᠲᠦᠯᠬᠢᠭᠦᠷ ᠢᠶᠠᠨ ᠠᠪᠬᠤ ᠶᠢᠨ ᠬᠠᠮᠲᠤ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠠᠪᠴᠤ᠂ ᠭᠠᠵᠠᠷ ᠣᠷᠣᠨ ᠭᠡᠷ ᠪᠠᠶᠢᠰᠢᠩ ᠲᠤᠰᠢᠶᠠᠬᠤ ᠦᠨᠡᠮᠯᠡᠯ ᠢᠶᠠᠨ ᠴᠠᠭ ᠲᠤᠬᠠᠶ ᠳᠤᠨᠢ ᠲᠤᠰᠢᠶᠠᠬᠤ ᠪᠠᠨ ᠪᠡᠶᠡᠯᠡᠭᠦᠯᠬᠦ ᠬᠡᠷᠡᠭᠲᠡᠶ᠃      ᠶᠢᠨ ᠲᠢᠶᠠᠨ ᠤ ᠭᠤᠷᠪᠠᠳᠤᠭᠠᠷ ᠬᠤᠲᠠ ᠶᠢᠨ ᠲᠥᠷᠥᠯ ᠵᠦᠢᠯ ᠨᠢ ᠬᠠᠲᠤᠨ ᠭᠤᠤᠯ ᠵᠡᠭᠡᠯᠢ ᠶᠢᠨ ᠡᠮᠦᠨ᠎ᠡ ᠲᠠᠯ᠎ᠠ ᠳᠤ ᠪᠠᠶᠢᠷᠢᠯᠠᠵᠤ᠂ ᠪᠥᠲᠥᠭᠡᠨ ᠪᠠᠶᠢᠭᠤᠯᠤᠯᠲᠠ ᠶᠢᠨ ᠵᠠᠮ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠦᠬᠠᠶ ᠬᠤᠲᠠ ᠶᠢᠨ ᠶᠢᠨ ᠲᠢᠶᠠᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠪᠠᠶᠢᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ 32236.44 ᠲᠡᠭᠰᠢ ᠳᠥᠷᠪᠡᠯᠵᠢᠨ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 104861.27 ᠲᠡᠭᠰᠢ ᠳᠥᠷᠪᠡᠯᠵᠢᠨ ᠮᠧᠲᠷ ︵ᠡᠭᠦᠨ ᠳᠤ 30380.36 ᠲᠡᠭᠰᠢ ᠳᠥᠷᠪᠡᠯᠵᠢᠨ ᠮᠧᠲᠷ︶ ᠪᠣᠯᠤᠨ᠎ᠠ᠃ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠶᠢᠨ ᠶᠢᠨ ᠲᠢᠶᠠᠨ ᠭᠤᠷᠪᠠᠳᠤᠭᠠᠷ ᠬᠤᠲᠠ ᠶᠢᠨ ᠲᠥᠷᠥᠯ ᠵᠦᠢᠯ ᠳᠤ ᠲᠥᠯᠥᠪᠵᠢᠭᠦᠯᠭᠡ ᠶᠢᠨ ᠭᠠᠷ ᠭᠦᠢᠴᠡᠤᠡᠭᠡᠯ ᠬᠢᠬᠦ ᠳᠡᠭᠡᠨ᠂ ︽ᠭᠡᠷ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾᠂ ︽ᠭᠠᠵᠠᠷ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾ ᠤᠶᠢᠯᠡᠴᠢᠯᠡᠭᠡᠨ ᠤ ᠰᠢᠨ᠎ᠡ ᠵᠠᠭᠪᠤᠷ ᠢ ᠡᠬᠢᠯᠡᠭᠦᠯᠬᠦ ᠶᠢ ᠪᠠᠷᠢᠮᠲᠠᠯᠠᠵᠤ᠂ ᠲᠣᠰ ᠲᠥᠷᠥᠯ ᠵᠤᠶᠢᠯ ᠤᠨ ᠳᠠᠷᠠᠭ᠎ᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠭᠠᠷᠳᠠᠮ ᠢ  ᠭᠦᠢᠴᠡᠤᠡᠭᠡᠬᠦ ᠳᠤ ᠰᠠᠭᠤᠷᠢ ᠲᠠᠯᠪᠢᠵᠤ᠂ ᠲᠡᠭᠦᠨ ᠢ ᠬᠡᠷ ᠪᠠᠶᠢᠰᠢᠩ ᠢᠶᠠᠨ ᠲᠤᠰᠢᠶᠠᠬᠤ ᠠᠴᠠ ᠡᠮᠦᠨ᠎ᠡ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠭᠠᠷᠳᠠᠮ ᠢ ᠭᠦᠢᠴᠡᠤᠡᠭᠡᠬᠦ ᠶᠢ ᠨᠢᠭᠡᠨᠲᠡ ᠪᠡᠶᠡᠯᠡᠭᠦᠯᠵᠦ᠂ ︽ᠭᠡᠷ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾ ᠶᠢ ᠦᠨᠡᠨᠬᠦ ᠪᠡᠶᠡᠯᠡᠭᠦᠯᠦᠨ᠎ᠡ᠃       ᠲᠠᠷᠠᠭᠠᠴᠢ ᠶᠢᠨ ᠠᠯᠬᠤᠮ ᠳᠤ᠂ ᠮᠠᠨ ᠤ ᠬᠤᠪᠢᠶᠠᠷᠢ ᠲᠣᠪᠴᠢᠶ᠎ᠠ ᠪᠠᠰᠠ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢ ᠨᠢᠭᠡᠳᠦᠭᠡᠷ ᠳᠣᠬᠢᠶ᠎ᠠ ᠪᠣᠯᠭᠠᠵᠤ᠂ ᠣᠯᠠᠨ ᠲᠦᠮᠡᠨ ᠤ ᠵᠣᠯ ᠵᠢᠷᠭᠠᠯ ᠢ ᠨᠢ ᠨᠢᠭᠡᠳᠦᠭᠡᠷ ᠬᠥᠭᠡᠭᠡᠴᠡᠯᠳᠦᠯ ᠪᠣᠯᠭᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ︽ᠭᠠᠵᠠᠷ ᠲᠤᠰᠢᠶᠠᠬᠤ ᠳᠠᠷᠤᠶ ᠦᠨᠡᠮᠯᠡᠯ ᠲᠤᠰᠢᠶᠠᠬᠤ︾᠂ ︽ᠬᠡᠷ ᠲᠤᠰᠢᠶᠠᠬᠤ ᠳᠠᠷᠤᠶ ᠦᠨᠡᠮᠯᠡᠯ ᠲᠤᠰᠢᠶᠠᠬᠤ︾ ᠠᠵᠢᠯᠯᠠᠭᠠᠨ ᠤ ᠵᠠᠭᠪᠤᠷ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠲᠡᠷᠢᠭᠦᠨ ᠤ ᠬᠢ ᠲᠠᠢ ᠬᠠᠷᠢᠴᠠᠭᠤᠯᠵᠤ᠂ ᠲᠡᠷᠢᠭᠦᠨ ᠤ ᠬᠢ ᠶᠢ ᠡᠭᠦᠳᠬᠦ︾ ᠪᠠᠷ ᠴᠢᠷᠮᠠᠶᠢᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠪᠥᠬᠦ ᠲᠤᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠨ ᠦᠨᠡᠨ ᠬᠦ ᠰᠢᠯᠢᠳᠡᠭᠵᠢᠭᠦᠯᠵᠦ᠂ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号