ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/7/25
      ᠬᠠᠤᠯᠢ ᠪᠠᠷ ᠵᠠᠰᠠᠬᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠲᠠ ᠳᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠦᠬᠠᠶ ᠬᠤᠲᠠ ᠶᠢᠨ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠪᠡ᠃      7 ᠰᠠᠷ᠎ᠠ ᠶᠢᠨ 12᠎ ᠤᠨ ᠡᠳᠦᠷ ᠠᠴᠠ 7 ᠰᠠᠷ᠎ᠠ ᠶᠢᠨ 24᠎ ᠤ ᠡᠳᠦᠷ ᠪᠣᠯᠲᠠᠯ᠎ᠠ᠂ ᠮᠠᠨ ᠤ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠬᠦ ᠶᠣᠰᠣᠲᠠᠶ ᠮᠡᠳᠡᠯᠭᠡ ᠶᠢᠨ ᠠᠰᠠᠭᠤᠯᠲᠠ ᠬᠠᠷᠢᠭᠤᠯᠲᠠ︾᠎ ᠶᠢ ᠨᠡᠶᠢᠲᠡᠯᠡᠵᠦ᠂ ᠣᠯᠠᠨ ᠲᠦᠮᠡᠨ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠦᠭᠡᠮᠡᠯᠵᠢᠯᠲᠡ ᠶᠢᠨ ᠨᠣᠷᠮ᠎ᠠ ᠪᠠ ᠲᠠᠨᠢᠨ ᠮᠡᠳᠡᠬᠦ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠤᠯᠢ ᠶᠢ ᠰᠤᠷᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠭᠦᠨ ᠵᠤᠵᠠᠭᠠᠨ ᠦᠵᠡᠯᠲᠡ ᠶᠢ ᠲᠠᠷᠢᠬᠢ ᠲᠣᠯᠣᠭᠠᠶ ᠳᠤ ᠬᠠᠳᠠᠩᠰᠢᠭᠤᠯᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠬᠠᠮᠢᠶ᠎ᠠ ᠪᠥᠬᠦᠶ ᠮᠡᠳᠡᠯᠭᠡ᠂ ᠠᠵᠢᠯ ᠤᠨ ᠱᠠᠭᠠᠷᠳᠠᠯᠭ᠎ᠠ ᠵᠡᠷᠭᠡ ᠶᠢ ᠦᠷᠭᠦᠯᠵᠢᠯᠡᠨ ᠤᠬᠠᠭᠤᠯᠵᠤ᠂ ᠣᠯᠠᠨ ᠬᠡᠯᠪᠡᠷᠢ᠂ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠨᠥᠯᠥᠭᠡ ᠶᠢ ᠥᠷᠭᠡᠳᠬᠡᠨ᠂ ᠠᠷᠠᠳ ᠣᠯᠠᠨ ᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂ ᠠᠷᠠᠳ ᠣᠯᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠳᠠᠬᠢ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠨᠢ ᠪᠣᠶ ᠪᠣᠯᠭᠠᠨ᠎ᠠ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号