7 ᠰᠠᠷ᠎ᠠ ᠶᠢᠨ 24 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦ ᠤᠬᠢᠶᠠᠵᠤ ᠰᠣᠩᠭᠤᠨ | ᠪᠣᠯᠪᠠᠰᠤᠷᠠᠭᠤᠯᠬᠤ ᠠᠵᠢᠯ ᠲᠦᠷᠦᠯ ᠤᠨ ᠡᠭᠴᠡ ᠪᠠᠨ ᠨᠢᠭᠡ ᠴᠤᠬᠴᠠᠵᠢᠭᠤᠯᠤᠨ ᠨᠡᠶᠢᠳᠬᠡᠬᠦ ᠠᠵᠢᠯ ᠤᠨ ᠲᠤᠬᠠᠢ ᠶᠢᠨ | ᠲᠠᠯᠠᠪᠠᠢ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ ︽ᠨᠡᠭᠦᠷᠡᠰᠦ ᠤᠬᠢᠶᠠᠵᠤ ᠰᠢᠯᠢᠵᠦ ᠪᠣᠯᠪᠠᠰᠤᠷᠠᠭᠤᠯᠬᠤ ᠠᠵᠢᠯ ᠲᠦᠷᠦᠯ ᠤᠨ ᠴᠢᠨᠠᠷ ᠰᠠᠶᠢᠲᠠᠢ | ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠤᠯᠠᠮᠵᠢᠯᠠᠵᠤ᠂ ᠨᠡᠭᠦᠷᠡᠰᠦ ᠤᠬᠢᠶᠠᠵᠤ ᠰᠣᠩᠭᠤᠨ ᠪᠣᠯᠪᠠᠰᠤᠷᠠᠭᠤᠯᠬᠤ | ᠠᠵᠢᠯ ᠲᠦᠷᠦᠯ ᠤᠨ ᠰᠢᠭᠰᠢᠭᠳᠡᠭᠦᠯᠦᠯ ᠢ ᠨᠡᠶᠢᠳᠬᠡᠬᠦ ᠠᠵᠢᠯ ᠤᠨ ᠠᠬᠢᠴᠠ ᠪᠣᠯᠤᠨ ᠶᠢᠨ ᠷᠦᠩ ᠪᠠᠢ ᠴᠤᠸᠠᠨ | ᠨᠡᠭᠦᠷᠡᠰᠦᠨ ᠤ ᠬᠢᠵᠠᠭᠠᠷᠲᠤ ᠺᠣᠮᠫᠠᠨᠢ᠂ ᠨᠥᠬᠦᠷᠯᠡᠯ ᠨᠠᠷᠢᠯᠢᠭ ᠨᠡᠭᠦᠷᠡᠰᠦ ᠮᠢᠩᠭᠠᠨ ᠲᠦᠮᠡᠨ ᠲᠣᠨ ᠨᠡᠭᠦᠷᠡᠰᠦᠨ ᠤ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠠᠯᠵᠢᠶᠠᠨ ᠤ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠨᠢ ᠰᠣᠨᠣᠰᠪᠠ︔ ᠨᠡᠭᠦᠷᠡᠰᠦ ᠤᠬᠢᠶᠠᠵᠤ ᠰᠣᠩᠭᠤᠬᠤ ᠠᠵᠢᠯ ᠲᠦᠷᠦᠯ ᠤᠨ ᠡᠭᠴᠡᠯᠡᠨ ᠨᠡᠶᠢᠯᠡᠭᠦᠯᠬᠦ | ᠠᠵᠢᠯ ᠤᠨ ᠲᠤᠬᠠᠢ ᠶᠠᠷᠢᠯᠴᠠᠨ ᠰᠣᠯᠢᠯᠴᠠᠪᠠ᠃ | ᠰᠦᠨ ᠬᠤᠤ᠂ ᠨᠡᠭᠦᠷᠡᠰᠦ ᠶᠢ ᠤᠬᠢᠶᠠᠵᠤ ᠰᠣᠩᠭᠤᠨ ᠪᠣᠯᠪᠠᠰᠤᠷᠠᠭᠤᠯᠬᠤ ᠠᠵᠢᠯ ᠲᠦᠷᠦᠯ ᠢ ᠨᠢᠭᠡ | ᠴᠤᠬᠴᠠᠵᠢᠭᠤᠯᠤᠨ ᠨᠡᠶᠢᠳᠬᠡᠬᠦ ᠶᠢ ᠠᠬᠢᠭᠤᠯᠵᠤ᠂ ᠨᠡᠭᠦᠷᠡᠰᠦᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠣᠯ ᠬᠠᠶᠢᠷᠤᠪ ᠤᠨ | ᠲᠤᠬᠤᠢ ᠲᠣᠭᠤᠷᠢᠭ ᠤᠨ ᠤᠯᠠᠮᠵᠢᠯᠠᠯᠲᠤ ᠠᠵᠤ ᠦᠢᠯᠡᠰ ᠤᠨ ᠲᠡᠰ ᠲᠡᠪᠰᠢᠯᠳᠠ ᠪᠠᠨ ᠲᠦᠷᠭᠡᠳᠬᠡᠨ ᠪᠡᠶᠡᠯᠡᠭᠦᠯᠵᠦ᠂ | ᠤᠯᠠᠮᠵᠢᠯᠠᠯᠲᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠬᠤ ᠵᠠᠩᠭᠢᠯᠠᠭ᠎ᠠ ᠶᠢᠨ ᠴᠡᠭ ᠪᠣᠯᠤᠨ᠎ᠠ | ᠭᠡᠵᠠᠢ᠃ ᠡᠯ᠎ᠡ ᠠᠵᠤ ᠠᠬᠤᠶᠢᠯᠠᠯ ᠠᠵᠢᠯ ᠲᠥᠷᠥᠯ ᠤᠨ ᠬᠠᠮᠤᠭ ᠤᠨ ᠥᠨᠳᠥᠷ ᠪᠠᠷᠢᠮᠵᠢᠶ᠎ᠠ ᠪᠠᠷ ᠪᠠᠷᠢᠮᠵᠢᠶᠠᠯᠠᠵᠤ᠂ | ᠬᠠᠮᠤᠭ ᠤᠨ ᠲᠡᠷᠢᠭᠦᠨ ᠤ ᠤᠶᠢᠯᠡᠤᠡᠪᠤᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠮᠡᠷᠭᠡᠵᠢᠯ ᠭᠠᠷ ᠤᠷᠠᠯᠠᠯ ᠢ | ᠠᠪᠴᠤ᠂ ᠤᠬᠢᠶᠠᠬᠤ᠂ ᠰᠣᠩᠭᠤᠬᠤ᠂ ᠬᠠᠳᠠᠭᠠᠯᠠᠬᠤ᠂ ᠲᠣᠬᠢᠷᠠᠭᠤᠯᠬᠤ ᠪᠥᠬᠦ ᠶᠠᠪᠤᠴᠠ ᠶᠢᠨ ᠠᠦ᠋ᠲ᠋ᠣᠴᠢᠯᠠᠬᠤ᠂ | ᠤᠶᠤᠨᠴᠢᠯᠠᠬᠤ᠂ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ︔ ᠲᠡᠭᠡᠭᠡᠪᠦᠷᠢ ᠶᠢᠨ ᠰᠢᠰᠲ᠋ᠧᠮ ᠢ ᠰᠢᠯᠢᠳᠡᠭᠵᠢᠭᠦᠯᠵᠦ᠂ ᠲᠡᠮᠦᠷ | ᠵᠠᠮ ᠤᠨ ᠲᠡᠭᠡᠭᠡᠪᠦᠷᠢ᠂ ᠪᠢᠲᠡᠭᠦᠮᠵᠢᠯᠡᠭᠰᠡᠨ ᠬᠤᠭᠤᠯᠠᠶ ᠶᠢᠨ ᠲᠡᠭᠡᠭᠡᠪᠦᠷᠢ ᠵᠡᠷᠭᠡ ᠪᠣᠬᠢᠷᠲᠤᠯ ᠦᠭᠡᠢ ᠲᠡᠭᠡᠭᠡᠪᠦᠷᠢ ᠶᠢᠨ | ᠠᠷᠭ᠎ᠠ ᠬᠡᠯᠪᠡᠷᠢ ᠶᠢ ᠦᠨᠡᠨ ᠬᠦ ᠠᠬᠢᠭᠤᠯᠵᠤ᠂ ᠨᠡᠭᠦᠷᠡᠰᠦ ᠤᠬᠢᠶᠠᠬᠤ ᠳᠤ ᠨᠡᠭᠦᠷᠡᠰᠦ ᠪᠠᠶᠢᠬᠤ ᠦᠭᠡᠢ ᠪᠠᠶᠢᠬᠤ ᠶᠢ | ᠦᠨᠡᠨ ᠬᠦ ᠪᠡᠶᠡᠯᠡᠭᠦᠯᠵᠦ᠂ ᠪᠥᠬᠦ ᠶᠠᠪᠤᠴᠠ ᠳᠤ ᠴᠡᠪᠡᠷ ᠲᠡᠭᠡᠭᠡᠪᠦᠷᠢ᠂ ᠪᠣᠬᠢᠷᠲᠤᠯ ᠦᠭᠡᠢ ᠤᠬᠢᠶᠠᠯᠭ᠎ᠠ ᠬᠢᠬᠦ ᠶᠢ | ᠪᠡᠶᠡᠯᠡᠭᠦᠯᠬᠦ ᠬᠡᠷᠡᠭᠲᠡᠢ︔ ᠠᠵᠤ ᠤᠶᠢᠯᠡᠰ ᠤᠨ ᠬᠡᠯᠬᠢᠶ᠎ᠡ ᠶᠢ ᠬᠢᠵᠦ᠂ ᠳᠣᠤᠷᠠᠳᠤ ᠤᠷᠤᠰᠬᠠᠯ ᠤᠨ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠨᠡᠭᠦᠷᠡᠰᠦ ᠲᠣᠬᠢᠷᠠᠭᠤᠯᠬᠤ | ᠰᠡᠯᠭᠦᠭᠡ ᠪᠠ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢ ᠨᠢ ᠳᠡᠭᠡᠭᠰᠢᠯᠡᠭᠦᠯᠵᠦ᠂ ᠤᠯᠠᠮᠵᠢᠯᠠᠯᠲᠤ ᠨᠡᠭᠦᠷᠡᠰᠦ | ᠤᠬᠢᠶᠠᠬᠤ ᠠᠵᠢᠯ ᠲᠥᠷᠥᠯ ᠤᠨ ᠨᠠᠩ ᠥᠨᠳᠥᠷ ᠭᠠᠷᠤᠯᠲᠠ᠂ ᠨᠠᠩ ᠥᠨᠳᠥᠷ ᠦᠷ᠎ᠡ ᠠᠰᠢᠭ ᠢᠶᠠᠨ ᠪᠡᠶᠡᠯᠡᠭᠦᠯᠬᠦ | ᠬᠡᠷᠡᠭᠲᠡᠶ ᠭᠡᠵᠠᠢ᠃ | |