7 ᠰᠠᠷ᠎ᠠ ᠶᠢᠨ 24 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮᠴᠢ ᠴᠢᠨᠠᠷ ᠤᠨ ᠬᠥᠮᠦᠵᠢᠯ ᠤᠨ | ᠵᠢᠭᠰᠠᠭᠠᠯ ᠤᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ | ᠴᠡᠴᠡᠷᠯᠢᠭ ᠤᠨ ᠫᠠᠶᠢᠰᠠ ᠰᠡᠬᠦᠬᠦ ᠶᠣᠰᠣᠯᠠᠯ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠶᠠᠪᠤᠭᠳᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠨᠠᠮᠴᠢ ᠴᠢᠨᠠᠷ ᠤᠨ ᠬᠥᠮᠦᠵᠢᠯ ᠤᠨ | ᠵᠢᠭᠰᠠᠭᠠᠯ ᠤᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ | ᠴᠡᠴᠡᠷᠯᠢᠭ ᠨᠢ ︽ᠤᠯᠤᠰ ᠢᠶᠠᠨ ᠬᠠᠶᠢᠷᠠᠯᠠᠵᠤ ᠨᠠᠮ ᠢᠶᠠᠨ ᠬᠠᠶᠢᠷᠠᠯᠠᠬᠤ︾ ︽ᠤᠯᠤᠰ ᠤᠨ ᠪᠠᠲᠤᠯᠠᠨ | ᠬᠠᠮᠠᠭᠠᠯᠠᠯᠲᠠ ᠪᠠᠷ ᠴᠡᠷᠢᠭ ᠢᠶᠠᠨ ᠬᠦᠴᠦᠷᠬᠡᠭᠵᠢᠭᠦᠯᠬᠦ︾ ᠪᠠᠷ ᠭᠤᠣᠯ ᠰᠡᠳᠦᠪ ᠪᠣᠯᠭᠠᠵᠤ᠂ ︽ᠤᠯᠤᠰ ᠤᠨ ᠪᠠᠲᠤᠯᠠᠨ | ᠬᠠᠮᠠᠭᠠᠯᠠᠯᠲᠠ ᠶᠢ ᠴᠣᠭᠴᠠᠯᠠᠬᠤ︾᠂ ᠴᠡᠷᠢᠭ ᠤᠨ ᠲᠦᠷᠦᠯ ᠤᠨ ᠮᠡᠳᠡᠯᠭᠡ ᠶᠢᠨ ᠭᠤᠣᠯ ᠰᠡᠳᠦᠪᠲᠦ ᠤᠷᠳᠤ ᠬᠤᠩᠭᠢᠯ᠂ | ︽ᠤᠯᠤᠰ ᠢᠶᠠᠨ ᠬᠦᠴᠦᠷᠬᠡᠭᠵᠢᠭᠦᠯᠦᠭᠰᠡᠨ ᠵᠠᠮ︾ ᠤᠨ ᠭᠤᠣᠯ ᠰᠡᠳᠦᠪᠲᠦ ᠰᠡᠷᠢᠭᠦᠨ ᠲᠢᠩᠰᠡ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠣᠭᠠᠴᠢᠯᠠᠭᠰᠠᠨ ᠮᠦᠽᠧᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠬᠠᠪᠲᠠᠰᠤ ᠵᠡᠷᠭᠡ ᠶᠢ ᠲᠥᠰᠥᠪᠯᠡᠨ ᠪᠦᠲᠦᠭᠡᠵᠦ᠂ ᠬᠤᠪᠢᠰᠬᠠᠯ ᠤᠨ | ᠤᠯᠠᠮᠵᠢᠯᠠᠯ᠂ ᠦᠷᠡᠭᠳᠡᠭᠰᠡᠨ ᠪᠠᠭᠠᠲᠤᠷᠴᠤᠳ ᠤᠨ ᠴᠢᠬᠤᠯᠠ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ | ᠪᠦᠬᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | ᠬᠠᠶᠢᠷᠤᠪ ᠤᠨ ᠲᠣᠬᠤᠢ ᠲᠣᠭᠤᠷᠢᠭ ᠤᠨ ᠬᠢᠨ ᠬᠤᠪᠢᠰᠬᠠᠯ ᠤᠨ ᠵᠢᠭᠰᠠᠭᠠᠯ ᠤᠨ ᠭᠠᠵᠠᠷ᠂ ᠬᠤᠪᠢᠰᠬᠠᠯ ᠤᠨ | ᠡᠬᠢ ᠪᠠᠶᠠᠯᠢᠭ ᠢᠶᠠᠨ ᠰᠠᠶᠢᠲᠤᠷ ᠠᠰᠢᠭᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ | ᠬᠡᠯᠪᠡᠷᠢ ᠶᠢᠨ ᠰᠢᠨ᠎ᠡ ᠶᠢ ᠡᠭᠦᠳᠴᠦ᠂ ᠨᠠᠮ ᠤᠨ ᠦᠯᠢᠬᠡᠷ᠂ ᠬᠤᠪᠢᠰᠬᠠᠯ ᠤᠨ ᠪᠠᠭᠠᠲᠤᠷ ᠤᠨ ᠦᠯᠢᠬᠡᠷ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠴᠡᠷᠢᠭ ᠠᠩᠭᠢ ᠶᠢᠨ ᠦᠯᠢᠭᠡᠷ ᠢ ᠰᠠᠶᠢᠲᠤᠷ ᠶᠠᠷᠢᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠤᠯᠠᠨ ᠲᠦᠮᠡᠨ ᠢ ᠤᠭ ᠰᠠᠨᠠᠭ᠎ᠠ ᠪᠠᠨ ᠦᠯᠦ ᠮᠠᠷᠲᠠᠨ ᠨᠠᠮ ᠤᠨ ᠠᠴᠢ ᠶᠢ ᠬᠠᠷᠢᠭᠤᠯᠵᠤ᠂ ᠨᠠᠮ ᠤᠨ | ᠦᠭᠡ ᠶᠢ ᠭᠤᠶᠢᠪᠢᠰᠢ ᠦᠭᠡᠢ ᠰᠣᠨᠣᠰᠴᠤ᠂ ᠨᠠᠮ ᠢᠶᠠᠨ ᠡᠷᠡᠰ ᠭᠤᠶᠢᠪᠢᠰᠢ ᠦᠭᠡᠢ ᠳᠠᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ | ᠬᠦᠴᠦᠨ ᠴᠢᠳᠠᠯ ᠢᠶᠠᠨ ᠡᠷᠭᠦᠬᠦ ᠪᠠᠷ ᠬᠥᠮᠥᠵᠢᠭᠦᠯᠦᠨ ᠳᠠᠭᠠᠭᠤᠯᠤᠨ᠎ᠠ᠃ |