ᠦᠬᠠᠢ ᠬᠤᠳᠠ ᠶᠢᠨ ᠸᠠᠨ ᠴᠢ ᠵᠢᠩ ᠬᠤᠸᠠ ᠨᠡᠬᠦᠷᠡᠰᠤᠨ ᠠᠭᠤᠷᠬᠠᠢ ᠶᠢᠨ ᠵᠢᠷᠭᠤᠳᠤᠭᠠᠷ ᠤᠳᠠᠭᠠᠨ ᠤ ᠲᠤᠭᠤᠰᠤ ᠬᠤᠷᠢᠭᠯᠠᠬᠤ ᠲᠡᠯᠪᠡᠷᠡᠬᠦ ᠲᠤᠷᠰᠢᠯᠳᠠ ᠬᠢᠪᠡ
ᠨᠡᠶᠢᠲᠡᠯᠡᠭᠰᠡᠨ ᠴᠠᠭ᠄
2023/7/29
      7 ᠰᠠᠷ᠎ᠠ ᠶᠢᠨ 26 ᠤ ᠡᠳᠦᠷ ᠤᠨ ᠦᠳᠡ ᠶᠢᠨ 12 ᠴᠠᠭ ᠲᠤ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠡᠯᠲᠡᠷᠬᠡᠢ ᠳᠠᠷᠤᠵᠤ ᠳᠡᠯᠪᠡᠴᠢᠬᠦ ᠠᠷᠭ᠎ᠠ ᠪᠠᠷ ᠸᠠᠨ ᠴᠢ ᠵᠢᠩ ᠬᠤᠸᠠ ᠨᠡᠭᠦᠷᠡᠰᠦᠨ ᠠᠭᠤᠷᠬᠠᠢ ᠳᠤ 6 ᠳ᠋ᠤᠭᠠᠷ ᠤᠳᠠᠭ᠎ᠠ ᠶᠢᠨ ᠲᠣᠭᠤᠰᠣ ᠬᠤᠷᠢᠭᠯᠠᠬᠤ ᠳᠡᠯᠪᠡᠴᠢᠬᠦ ᠲᠤᠷᠰᠢᠯᠲᠠ ᠬᠢᠪᠡ᠃      ᠲᠤᠰ ᠤᠳᠠᠭᠠᠨ ᠤ ᠳᠡᠯᠪᠡᠷᠡᠯᠲᠡ ᠶᠢ ᠲᠠᠪᠤᠳᠤᠭᠠᠷ ᠤᠳᠠᠭᠠᠨ ᠤ ᠳᠡᠯᠪᠡᠴᠢᠬᠦ ᠲᠤᠷᠰᠢᠯᠲᠠ ᠲᠠᠢ ᠬᠠᠷᠢᠴᠠᠭᠤᠯᠪᠠᠯ ᠂ ᠭᠠᠵᠠᠷ ᠤᠨ ᠭᠠᠳᠠᠷᠭᠤ ᠶᠢᠨ ᠥᠷᠥᠮᠳᠡᠭᠦᠷ ᠮᠠᠰᠢᠨ ᠤ ᠲᠣᠭᠤᠰᠣ ᠶᠢ ᠴᠤᠭᠯᠠᠭᠤᠯᠤᠭᠰᠠᠨ ᠦᠭᠡᠶ᠂ ᠲᠣᠭᠤᠰᠣ ᠶᠢ ᠬᠤᠷᠢᠭᠯᠠᠬᠤ ᠲᠡᠷᠭᠡ ᠨᠢ ᠳᠡᠯᠪᠡᠷᠡᠭᠰᠡᠨ ᠦᠭᠡᠶ ᠵᠡᠷᠭᠡ ᠠᠰᠠᠭᠤᠳᠠᠯ ᠢ ᠵᠠᠯᠠᠷᠠᠭᠤᠯᠪᠠ᠃ ᠭᠡᠪᠡᠴᠦ ᠳᠡᠯᠪᠡᠴᠢᠬᠦ ᠪᠠᠷᠢᠯᠭ᠎ᠠ ᠶᠢᠨ ᠠᠩᠭᠢ ᠶᠢ ᠰᠣᠯᠢᠭᠰᠠᠨ ᠨᠢ ᠳᠡᠭᠡᠷ᠎ᠡ ᠤᠳᠠᠭ᠎ᠠ ᠵᠠᠷᠢᠮ ᠰᠠᠶᠢᠨ ᠠᠷᠭ᠎ᠠ ᠨᠢ ᠬᠡᠷᠡᠭᠵᠢᠭᠦᠯᠦᠭᠰᠡᠨ ᠦᠭᠡᠶ ᠠᠴᠠ ᠪᠣᠯᠵᠤ᠂ ᠫᠤᠤ ᠶᠢᠨ ᠨᠦᠬᠡ ᠶᠢ ᠪᠥᠭᠯᠡᠭᠰᠡᠨ ᠤᠷᠲᠤ ᠶᠢᠨ ᠬᠡᠮᠵᠢᠶ᠎ᠡ ᠨᠢ ᠬᠦᠷᠦᠯᠴᠡᠬᠦ ᠦᠭᠡᠶ᠂ ᠳᠡᠯᠪᠡᠴᠢᠬᠦ ᠳᠠᠭᠤᠨ ᠪᠠ ᠳᠣᠩᠰᠣᠯᠤᠯᠲᠠ ᠨᠢ ᠶᠡᠭᠡ᠂ ᠳᠡᠯᠪᠡᠴᠢᠬᠦ ᠦᠷ᠎ᠡ ᠳ᠋ᠦᠩ ᠨᠢ ᠠᠨᠠᠶ ᠵᠡᠷᠭᠡ ᠠᠰᠠᠭᠤᠳᠠᠯ ᠢᠯᠡᠷᠡᠭᠰᠡᠨ ᠪᠠᠶᠢᠨ᠎ᠠ᠃ ᠳᠠᠷᠠᠭ᠎ᠠ ᠤᠳᠠᠭᠠᠨ ᠤ ᠲᠤᠷᠰᠢᠯᠲᠠ ᠬᠢᠬᠦ ᠶᠠᠪᠤᠴᠠ ᠳᠤᠮᠳᠠ ᠮᠡᠷᠭᠡᠵᠢᠯ ᠤᠨ ᠰᠢᠪᠲᠤᠯᠤᠯᠲᠠ ᠪᠠᠨ ᠳᠠᠬᠢᠨᠲᠠ ᠪᠡᠶᠡᠯᠡᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号