ᠵᠢᠶᠠ ᠶᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠠᠢᠮᠠᠨ ᠰᠠᠷ᠎ᠠ ᠶᠢᠨ ᠨᠢᠭᠡᠨ ᠢ ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/8/1
      ᠲᠣᠰ ᠤᠳᠠᠭᠠᠨ ᠤ ᠠᠵᠢᠯᠯᠠᠭ᠎ᠠ ᠳᠤ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠬᠡᠷ ᠪᠦᠯᠢ᠂ ᠨᠠᠮ ᠤᠨ ᠭᠡᠰᠢᠭᠦᠨ᠂ ᠰᠠᠭᠤᠭᠠᠯᠢ ᠠᠷᠠᠳ ᠢ ᠤᠷᠢᠵᠤ ᠠᠵᠢᠯᠯᠠᠭ᠎ᠠ ᠳᠤ ᠣᠷᠣᠯᠴᠠᠭᠤᠯᠵᠤ᠂ ᠲᠣᠰ ᠠᠵᠢᠯᠯᠠᠭ᠎ᠠ ᠨᠢ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠶᠢ ᠳᠠᠭᠤᠯᠠᠬᠤ ᠳᠤᠮᠳᠠ ᠠᠵᠢᠯᠯᠠᠭ᠎ᠠ ᠶᠢᠨ ᠬᠥᠰᠢᠭᠡ ᠶᠢ ᠰᠡᠬᠦᠵᠦ᠂ ᠳᠠᠷᠠᠭ᠎ᠠ ᠨᠢ ᠲᠣᠭᠯᠠᠭᠴᠢᠳ ︽ᠪᠢᠴᠢᠬᠠᠨ ᠴᠠᠭᠠᠨ ᠤᠯᠢᠶᠠᠰᠤ︾ ᠂ ︽  ᠤᠯᠤᠰ ᠢᠶᠠᠨ ᠬᠠᠶᠢᠷᠠᠯᠠᠨ᠎ᠠ︾ ᠵᠡᠷᠭᠡ ᠲᠣᠭᠯᠠᠯᠲᠠ ᠶᠢ ᠲᠣᠭᠯᠠᠪᠠ︔ ᠭᠤᠶᠢᠳᠠ ᠰᠠᠶᠢᠬᠠᠨ ᠲᠣᠭᠯᠠᠯᠲᠠ ᠨᠢ ᠲᠠᠶᠢᠰᠠᠨ ᠳᠣᠤᠷᠠᠬᠢ ᠠᠯᠠᠭ᠎ᠠ ᠲᠠᠰᠢᠯᠲᠠ ᠶᠢ ᠣᠯᠤᠭᠰᠠᠨ ᠪᠠᠶᠢᠨ᠎ᠠ᠃ ᠲᠣᠭᠯᠠᠭᠴᠢᠳ ᠡᠬᠡ ᠤᠯᠤᠰ ᠤᠨ ᠬᠥᠭᠵᠢᠯ ᠴᠡᠴᠡᠭᠯᠡᠯ᠂ ᠠᠷᠠᠳ ᠤᠨ ᠠᠮᠢᠳᠤᠷᠠᠯ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠭ᠎ᠠ ᠶᠢᠨ ᠵᠥᠩᠨᠡᠯ ᠳᠡᠪᠰᠢᠭᠦᠯᠵᠦ᠂ ᠴᠡᠷᠢᠭ ᠪᠠᠶᠢᠭᠤᠯᠤᠭᠳᠠᠭᠰᠠᠨ 96 ᠵᠢᠯ ᠤᠨ ᠤᠢ ᠳᠤ ᠪᠠᠶᠠᠷ ᠪᠠᠭ᠋ᠠᠳᠤᠯ ᠢᠶᠠᠨ ᠢᠯᠡᠳᠬᠡᠵᠡᠶ᠃      ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠢᠶᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠡᠷᠢᠭ ᠬᠥᠮᠦᠨ ᠤ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠴᠡᠷᠢᠭ ᠬᠥᠮᠦᠨ ᠤ ᠴᠤᠭ ᠵᠢᠪᠬᠤᠭ᠎ᠠ ᠶᠢ ᠮᠡᠳᠡᠷᠡᠭᠦᠯᠵᠦ᠂ ᠨᠡᠶᠢᠭᠡᠮ ᠲᠣᠭᠤᠷᠢᠭ ᠢᠶᠠᠷ ᠴᠡᠷᠢᠭ ᠪᠠᠶᠢᠭᠤᠯᠤᠭᠳᠠᠭᠰᠠᠨ 96 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ ᠪᠠᠶᠢᠬᠤ ᠶᠢ ᠢᠯᠡᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠬᠤᠭᠤᠷᠣᠨᠳᠣᠬᠢ ᠨᠥᠬᠦᠷᠯᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠨᠢ ᠴᠢᠩᠭᠠᠷᠠᠭᠤᠯᠵᠤ᠂ ᠪᠢᠳᠡᠨ ᠢ ᠤᠯᠤᠰ ᠤᠨ ᠪᠠ ᠠᠷᠠᠳ ᠲᠦᠮᠡᠨ ᠤ ᠲᠥᠯᠥᠭᠡ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠦᠭᠰᠡᠨ ᠲᠡᠳᠡᠭᠡᠷ ᠪᠠᠭᠠᠲᠤᠷᠴᠤᠳ ᠢ ᠪᠠᠲᠤ ᠴᠡᠭᠡᠵᠢᠯᠡᠵᠦ᠂ ᠬᠠᠮᠲᠤ ᠪᠠᠷ ᠴᠢᠷᠮᠠᠶᠢᠵᠤ᠂ ᠤᠯᠤᠰ ᠣᠷᠣᠨ ᠤ ᠬᠥᠭᠵᠢᠯ ᠴᠡᠴᠡᠭᠯᠡᠯ ᠪᠠ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠲᠡᠮᠡᠴᠡᠵᠡᠭᠡᠶ᠎ᠡ︕
1690797137236044598.png
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号