ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠠᠳᠡᠯ ᠤᠨ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/8/1
      7 · 23 ᠴᠢᠴᠢᠬᠠᠷ ᠤᠨ ᠭᠤᠴᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠨᠤᠷᠠᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠢ ᠠᠵᠢᠯ ᠬᠢᠪᠡ᠃      ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠶᠢᠨ ᠪᠣᠳᠠᠲᠤ ᠦᠷ᠎ᠡ ᠪᠦᠳᠦᠮᠵᠢᠳᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠲᠤᠭᠤᠷᠢᠭ ᠤᠨ ᠬᠠᠷᠢᠶ᠎ᠠ 34 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ︵ᠠᠯᠪᠠᠨ ᠠᠴᠠ ᠡᠷᠭᠢᠯᠡᠭᠰᠡᠨ︶᠎ ᠤᠨ ᠰᠤᠷᠭᠠᠭᠤᠯᠢ᠂ ᠪᠠᠷᠢᠯᠭ᠎ᠠ ᠶᠢᠨ ᠲᠠᠩ ᠴᠣᠭᠴᠠ 89 ᠰᠠᠭᠤᠷᠢ᠂ ᠡᠭᠦᠨ ᠳᠤ ᠪᠡᠶ᠎ᠡ ᠶᠢᠨ ᠲᠠᠮᠢᠷ ᠤᠨ ᠣᠷᠳᠣᠨ 12 ᠪᠠᠶᠢᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠪᠡ᠃      ᠪᠠᠶᠢᠴᠠᠭᠠᠬᠤ ᠳᠤᠭᠤᠶᠢᠯᠠᠩ ᠨᠢ ᠡᠯ᠎ᠡ ᠰᠤᠷᠭᠠᠭᠤᠯᠢ ︵ᠬᠦᠷᠢᠶᠡᠯᠡᠩ︶᠎ ᠶᠢᠨ ᠪᠡᠶ᠎ᠡ ᠶᠢᠨ ᠲᠠᠮᠢᠷ ᠤᠨ ᠣᠷᠳᠣᠨ ᠤ ᠠᠮᠤᠷ ᠲᠦᠪᠰᠢᠨ᠂ ᠪᠠᠭᠠᠵᠢ ᠬᠡᠷᠡᠭᠰᠡᠯ᠂ ᠡᠷᠡᠭᠦᠯ ᠬᠠᠮᠠᠭᠠᠯᠠᠯ ᠤᠨ ᠨᠥᠬᠦᠴᠡᠯ᠂ ᠲᠥᠬᠦᠭᠡᠷᠦᠮᠵᠢ ᠵᠡᠷᠭᠡ ᠨᠢ ᠤᠯᠤᠰ ᠤᠨ ᠲᠣᠭᠲᠠᠭᠠᠯ ᠳᠤ ᠨᠡᠶᠢᠴᠡᠬᠦ ᠡᠰᠡᠬᠦ᠂ ᠡᠯ᠎ᠡ ᠵᠦᠢᠯ ᠤᠨ ᠲᠦᠷᠢᠮ ᠲᠣᠭᠲᠠᠭᠠᠯ ᠪᠦᠷᠢᠨ ᠭᠦᠢᠴᠡᠳ ᠪᠠᠶᠢᠬᠤ ᠡᠰᠡᠬᠦ ᠶᠢ ᠰᠢᠮᠳᠠᠭᠤᠯᠤᠨ ᠪᠠᠶᠢᠴᠠᠭᠠᠪᠠ︔ ᠪᠡᠶ᠎ᠡ ᠶᠢᠨ ᠲᠠᠮᠢᠷ ᠤᠨ ᠣᠷᠳᠣᠨ ᠵᠡᠷᠭᠡ ᠭᠤᠤᠯ ᠪᠣᠯᠬᠤ ᠰᠤᠷᠭᠠᠭᠤᠯᠢ ᠶᠢᠨ ᠪᠠᠶᠢᠷᠢ ᠶᠢᠨ ᠭᠤᠤᠯ ᠴᠣᠭᠴᠠ ᠶᠢᠨ ᠪᠦᠲᠦᠴᠡ ᠶᠢ ᠬᠤᠪᠢᠷᠠᠭᠤᠯᠬᠤ ᠪᠤᠶᠤ ᠳᠠᠭᠠᠭᠠᠴᠠ ᠶᠢ ᠬᠤᠪᠢᠷᠠᠭᠤᠯᠬᠤ ᠪᠠᠶᠢᠳᠠᠯ ᠣᠷᠣᠰᠢᠵᠤ ᠪᠠᠶᠢᠬᠤ ᠡᠰᠡᠬᠦ᠂ ᠪᠠᠷᠢᠯᠭ᠎ᠠ ᠶᠢᠨ ᠬᠡᠷᠡᠭᠴᠡᠭᠡ ᠶᠢ ᠬᠤᠪᠢᠷᠠᠭᠤᠯᠬᠤ᠂ ᠳᠠᠭᠠᠭᠠᠴᠠ ᠠᠴᠠ ᠬᠡᠲᠦᠷᠡᠭᠦᠯᠦᠨ ᠬᠡᠷᠡᠭᠯᠡᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ︔ ᠪᠠᠷᠢᠯᠭ᠎ᠠ ᠶᠢᠨ ᠭᠠᠳᠠᠷ ᠬᠡᠷᠡᠮ ᠤᠨ ᠵᠠᠰᠠᠯ ᠴᠢᠮᠡᠭᠯᠡᠯ ᠨᠢ ᠨᠤᠷᠠᠵᠤ ᠡᠪᠳᠡᠷᠡᠭᠰᠡᠨ᠂ ᠪᠠᠷᠢᠯᠭ᠎ᠠ ᠶᠢᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠳᠠᠪᠬᠤᠷᠭ᠎ᠠ ᠨᠢ ᠰᠤᠯᠠᠷᠠᠵᠤ ᠡᠪᠳᠡᠭᠳᠡᠭᠰᠡᠨ᠂ ᠪᠠᠷᠢᠯᠭ᠎ᠠ ᠶᠢᠨ ᠳᠣᠲᠣᠨ᠎ᠠ ᠭᠠᠳᠠᠨᠠᠬᠢ ᠵᠠᠰᠠᠯ ᠴᠢᠮᠡᠭᠯᠡᠯ ᠤᠨ ᠲᠣᠨᠤᠭ ᠰᠡᠯᠪᠠᠭ᠎ᠠ ᠨᠢ ᠰᠤᠯᠠᠷᠠᠭᠰᠠᠨ ᠡᠰᠡᠬᠦ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ︔ ᠪᠠᠷᠢᠯᠭ᠎ᠠ ᠶᠢᠨ ᠡᠷᠬᠢᠨ ᠲᠣᠭᠤᠷᠢᠨ ᠳᠤ ᠢᠯᠡᠷᠬᠡᠶ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠨᠢ ᠡᠵᠡᠯᠡᠨ ᠬᠡᠷᠡᠭᠯᠡᠭᠰᠡᠨ ᠡᠰᠡᠬᠦ᠂ ᠬᠠᠵᠠᠭᠤ ᠬᠥᠲᠥᠯ ᠨᠢ ᠲᠣᠭᠲᠠᠭᠤᠨ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤᠨᠢ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠳᠤ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃      ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠪᠠᠭᠰᠢ ᠰᠤᠷᠤᠭᠴᠢᠳ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠪᠠᠭᠰᠢ ᠰᠤᠷᠤᠭᠴᠢᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠲᠦᠷᠦᠯ ᠤᠨ ᠰᠤᠷᠭᠠᠭᠤᠯᠢ ᠶᠢᠨ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠤᠷᠭᠠᠭᠤᠯᠢ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠳᠠᠬᠢ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠬᠥᠮᠦᠨ ᠬᠥᠮᠦᠵᠢᠭᠦᠯᠬᠦ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃

1690767510425040120.png

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号