ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠤᠪᠴᠢᠶ᠎ᠠ 2023 ᠣᠨ ᠳᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠳᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ ᠤᠯᠤᠰ ᠲᠦᠷᠦ ᠶᠢᠨ ᠶᠠᠷᠢᠯᠴᠠᠭ᠎ᠠ︾᠎ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/1
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠎ ᠶᠢ ᠭᠦᠨᠵᠡᠭᠡᠶᠢᠷᠡᠭᠦᠯᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠶᠢᠨ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠦᠬᠠᠢ ᠬᠤᠳᠠ ᠶᠢᠨ ᠨᠠᠮ ᠤᠨ ᠬᠤᠷᠢᠶ᠎ᠠ ᠪᠣᠯᠤᠨ ᠦᠬᠠᠢ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 7 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ 2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠮᠡᠳᠡᠭᠦᠯᠦᠯᠲᠡ ᠶᠢᠨ ᠬᠤᠷᠠᠯ ︵ᠱᠠᠳᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠥᠭᠦᠯᠡᠬᠦ︶ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠵᠥᠩ ᠡᠷᠭᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠫᠠᠨ ᠬᠠᠶ ᠴᠦᠨ᠂ ᠶᠠᠩ ᠮᠢᠩ ᠰᠢᠤᠸᠠᠨ᠂ ᠲᠣᠪᠴᠢᠶ᠎ᠠ ᠶᠢᠨ ᠶᠡᠭᠡ ᠠᠩᠭᠢ ᠶᠢᠨ ᠤᠳᠤᠷᠢᠳᠤᠯᠭ᠎ᠠ ᠶᠧ ᠫᠧᠩ᠂  ᠨᠤᠤ ᠵᠢᠶᠠᠨ ᠵᠢᠶᠦ᠋ᠨ᠂ ᠺᠠᠩ ᡁᠢ ᠲᠢᠩ᠂ ᠬᠤᠸᠠᠩ ᠰᠢᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠠᠳᠬᠤᠬᠤ ᠲᠠᠢ ᠤᠶᠠᠯᠳᠤᠭᠤᠯᠤᠨ᠂ ᠲᠤᠰᠢᠶᠠᠯ ᠤᠨ ᠮᠡᠳᠡᠭᠦᠯᠦᠯᠲᠡ ᠬᠢᠵᠦ᠂ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠵᠦ᠂ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠣᠣᠷ᠎ᠠ ᠬᠠᠭᠠᠰ ᠵᠢᠯ ᠤᠨ ᠠᠵᠢᠯ ᠤᠨ ᠰᠡᠳᠬᠢᠴᠡ ᠶᠢ ᠵᠠᠳᠠᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠵᠦᠩ ᠪᠦᠬᠦ ᠤᠳᠤᠷᠢᠳᠬᠤ ᠺᠠᠳ᠋ᠷᠴᠤᠳ ᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠤᠳᠠ ᠶᠢᠨ ᠬᠠᠮᠢᠶᠠᠷᠤᠯᠲᠠ ᠶᠢᠨ ᠠᠵᠢᠯ ᠳᠤ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠵᠦᠩ ᠴᠢᠬᠤᠯᠠᠴᠢᠯᠠᠭᠰᠠᠨ ᠨᠢ᠄ ᠨᠢᠭᠡ ᠳᠤ᠂ ᠡᠯ᠎ᠡ ᠵᠦᠢᠯ ᠤᠨ ᠲᠦᠷᠢᠮ ᠲᠣᠭᠲᠠᠭᠠᠯ ᠤᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠢᠪᠡᠰᠦ ᠵᠣᠬᠢᠬᠤ ᠶᠠᠪᠤᠳᠠᠯ᠂ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠲᠣᠭᠲᠠᠭᠠᠯ ᠢ ᠵᠢᠷᠤᠮᠯᠠᠵᠤ᠂ ᠬᠤᠳᠠ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠤᠨ ᠵᠢᠷᠤᠮᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠬᠤ᠂ ᠣᠯᠤᠯᠲᠠ ᠲᠦᠷᠦᠭᠳᠡᠯ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠱᠠᠳᠤ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠠᠳᠠ ᠴᠢᠯᠠᠭᠤ ᠮᠡᠲᠦ ᠪᠠᠲᠤ ᠪᠠᠬᠢ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠡᠳᠦᠷ ᠲᠤᠳᠤᠮ ᠤᠨ ᠠᠵᠢᠯ ᠢ ᠠᠳᠬᠤᠵᠤ᠂ ᠪᠠᠶᠢᠩᠭᠤ ᠠᠳᠬᠤᠵᠤ᠂ ᠦᠷᠭᠦᠯᠵᠢᠯᠡᠨ ᠪᠠᠬᠢᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠬᠦᠯᠢᠶᠡᠰᠦᠯᠡᠯ ᠢ ᠴᠠᠭ ᠢᠮᠠᠭᠲᠠ ᠣᠯᠵᠤ᠂ ᠪᠠᠭ᠎ᠠ ᠠᠰᠠᠭᠤᠳᠠᠯ ᠠᠴᠠ ᠶᠡᠭᠡ ᠨᠥᠯᠥᠭᠡ ᠭᠠᠷᠭᠠᠬᠤ ᠶᠢ ᠰᠡᠷᠭᠡᠶᠢᠯᠡᠬᠦ ᠬᠡᠷᠡᠭᠲᠡᠢ ᠭᠡᠵᠠᠢ᠃      ᠵᠠᠯᠭᠠᠭᠠᠳ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠣᠤᠷᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠨᠡᠨ ᠬᠦ ᠮᠥᠷᠥᠨ ᠳᠡᠭᠡᠷ᠎ᠡ ᠪᠠᠨ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠶ ᠳᠤ ᠨᠠᠶᠢᠳᠠᠪᠤᠷᠢᠵᠢᠭᠤᠯᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号