ᠲᠣᠰ ᠤᠳᠠᠭᠠᠨ ᠤ ᠠᠵᠢᠯᠯᠠᠭ᠎ᠠ ᠳᠤ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠬᠡᠷ | ᠪᠦᠯᠢ᠂ ᠨᠠᠮ ᠤᠨ ᠭᠡᠰᠢᠭᠦᠨ᠂ ᠰᠠᠭᠤᠭᠠᠯᠢ ᠠᠷᠠᠳ ᠢ ᠤᠷᠢᠵᠤ ᠠᠵᠢᠯᠯᠠᠭ᠎ᠠ ᠳᠤ ᠣᠷᠣᠯᠴᠠᠭᠤᠯᠵᠤ᠂ ᠲᠣᠰ | ᠠᠵᠢᠯᠯᠠᠭ᠎ᠠ ᠨᠢ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠶᠢ ᠳᠠᠭᠤᠯᠠᠬᠤ ᠳᠤᠮᠳᠠ ᠠᠵᠢᠯᠯᠠᠭ᠎ᠠ ᠶᠢᠨ | ᠬᠥᠰᠢᠭᠡ ᠶᠢ ᠰᠡᠬᠦᠵᠦ᠂ ᠳᠠᠷᠠᠭ᠎ᠠ ᠨᠢ ᠲᠣᠭᠯᠠᠭᠴᠢᠳ ︽ᠪᠢᠴᠢᠬᠠᠨ ᠴᠠᠭᠠᠨ ᠤᠯᠢᠶᠠᠰᠤ︾ ᠂ ︽ ᠤᠯᠤᠰ ᠢᠶᠠᠨ | ᠬᠠᠶᠢᠷᠠᠯᠠᠨ᠎ᠠ︾ ᠵᠡᠷᠭᠡ ᠲᠣᠭᠯᠠᠯᠲᠠ ᠶᠢ ᠲᠣᠭᠯᠠᠪᠠ︔ ᠭᠤᠶᠢᠳᠠ ᠰᠠᠶᠢᠬᠠᠨ ᠲᠣᠭᠯᠠᠯᠲᠠ ᠨᠢ ᠲᠠᠶᠢᠰᠠᠨ ᠳᠣᠤᠷᠠᠬᠢ | ᠠᠯᠠᠭ᠎ᠠ ᠲᠠᠰᠢᠯᠲᠠ ᠶᠢ ᠣᠯᠤᠭᠰᠠᠨ ᠪᠠᠶᠢᠨ᠎ᠠ᠃ ᠲᠣᠭᠯᠠᠭᠴᠢᠳ ᠡᠬᠡ ᠤᠯᠤᠰ ᠤᠨ ᠬᠥᠭᠵᠢᠯ ᠴᠡᠴᠡᠭᠯᠡᠯ᠂ ᠠᠷᠠᠳ ᠤᠨ | ᠠᠮᠢᠳᠤᠷᠠᠯ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠭ᠎ᠠ ᠶᠢᠨ ᠵᠥᠩᠨᠡᠯ ᠳᠡᠪᠰᠢᠭᠦᠯᠵᠦ᠂ ᠴᠡᠷᠢᠭ | ᠪᠠᠶᠢᠭᠤᠯᠤᠭᠳᠠᠭᠰᠠᠨ 96 ᠵᠢᠯ ᠤᠨ ᠤᠢ ᠳᠤ ᠪᠠᠶᠠᠷ ᠪᠠᠭ᠋ᠠᠳᠤᠯ ᠢᠶᠠᠨ ᠢᠯᠡᠳᠬᠡᠵᠡᠶ᠃ | ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠢᠶᠠᠷ ᠳᠠᠮᠵᠢᠨ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠲᠤ ᠴᠡᠷᠢᠭ ᠬᠥᠮᠦᠨ ᠤ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠴᠡᠷᠢᠭ ᠬᠥᠮᠦᠨ ᠤ ᠴᠤᠭ | ᠵᠢᠪᠬᠤᠭ᠎ᠠ ᠶᠢ ᠮᠡᠳᠡᠷᠡᠭᠦᠯᠵᠦ᠂ ᠨᠡᠶᠢᠭᠡᠮ ᠲᠣᠭᠤᠷᠢᠭ ᠢᠶᠠᠷ ᠴᠡᠷᠢᠭ ᠪᠠᠶᠢᠭᠤᠯᠤᠭᠳᠠᠭᠰᠠᠨ 96 ᠵᠢᠯ ᠤᠨ ᠣᠶ ᠶᠢ | ᠬᠠᠯᠠᠭᠤᠨ ᠢᠶᠠᠷ ᠪᠡᠯᠭᠡᠯᠡᠵᠦ ᠪᠠᠶᠢᠬᠤ ᠶᠢ ᠢᠯᠡᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠬᠤᠭᠤᠷᠣᠨᠳᠣᠬᠢ | ᠨᠥᠬᠦᠷᠯᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠨᠢ | ᠴᠢᠩᠭᠠᠷᠠᠭᠤᠯᠵᠤ᠂ ᠪᠢᠳᠡᠨ ᠢ ᠤᠯᠤᠰ ᠤᠨ ᠪᠠ ᠠᠷᠠᠳ ᠲᠦᠮᠡᠨ ᠤ ᠲᠥᠯᠥᠭᠡ ᠦᠭᠡ ᠳᠠᠭᠤᠨ ᠦᠭᠡᠢ ᠪᠠᠷ ᠬᠤᠪᠢ | ᠨᠡᠮᠡᠷᠢ ᠦᠵᠡᠭᠦᠯᠦᠭᠰᠡᠨ ᠲᠡᠳᠡᠭᠡᠷ ᠪᠠᠭᠠᠲᠤᠷᠴᠤᠳ ᠢ ᠪᠠᠲᠤ ᠴᠡᠭᠡᠵᠢᠯᠡᠵᠦ᠂ ᠬᠠᠮᠲᠤ ᠪᠠᠷ ᠴᠢᠷᠮᠠᠶᠢᠵᠤ᠂ ᠤᠯᠤᠰ | ᠣᠷᠣᠨ ᠤ ᠬᠥᠭᠵᠢᠯ ᠴᠡᠴᠡᠭᠯᠡᠯ ᠪᠠ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠲᠡᠮᠡᠴᠡᠵᠡᠭᠡᠶ᠎ᠡ︕ | | | | | |