ᠠᠷᠠᠳ ᠤᠨ ᠵᠣᠪᠠᠨᠢᠯ ᠢ ᠰᠢᠢᠳᠪᠦᠷᠢᠯᠡᠵᠦ ᠪᠣᠳᠠᠲᠤ ᠶᠠᠪᠤᠳᠠᠯ ᠬᠢᠵᠤ᠂ ᠬᠥᠮᠦᠰ ᠤᠨ ᠰᠡᠳᠬᠢᠯ ᠢ ᠨᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/8/10
      ᠬᠦᠴᠢᠷᠳᠡᠯᠲᠡᠶ ᠣᠯᠠᠨ ᠲᠦᠮᠡᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠬᠠᠪᠰᠤᠷᠤᠨ ᠭᠡᠨᠡᠳᠲᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ ᠨᠢ ᠰᠢᠢᠤᠡᠪᠤᠷᠢᠯᠡᠬᠦ ᠶᠢᠨ ᠲᠤᠰᠠᠳᠠ᠂ ᠭᠤᠶᠤᠴᠢᠯᠠᠭᠴᠢ ᠶᠢᠨ ᠪᠣᠳᠠᠲᠠᠶ ᠪᠠᠶᠢᠳᠠᠯ ᠢ ᠣᠨᠣᠪᠴᠢᠲᠠᠶ ᠣᠶᠢᠯᠠᠭᠠᠬᠤ ᠪᠠ ᠡᠵᠡᠮᠰᠢᠵᠦ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠱᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠡᠳᠦᠷ ᠳᠣᠳᠣᠮ ᠤᠨ ᠰᠤᠷᠪᠤᠯᠵᠢᠯᠠᠭ᠎ᠠ ᠳᠤᠮᠳᠠ ᠬᠠᠷᠢᠶᠠᠲᠤ ᠲᠣᠭᠤᠷᠢᠭ ᠤᠨ ᠨᠢᠭᠡᠨ ᠬᠦᠴᠢᠷᠳᠡᠯᠲᠡᠢ ᠭᠡᠷ ᠪᠦᠯᠢ ᠶᠢ ᠤᠯᠵᠤ ᠮᠡᠳᠡᠪᠡ᠂  ᠴᠢ ᠣᠪᠣᠭᠲᠤ ᠪᠣᠯ ᠴᠡᠷᠢᠭ ᠤᠨ ᠠᠯᠪᠠᠨ ᠠᠴᠠ ᠪᠠᠭᠤᠭᠰᠠᠨ ᠬᠥᠮᠦᠨ᠂ ᠵᠠᠯᠭᠠᠪᠠᠷ ᠬᠤᠣᠷᠲᠤ ᠬᠠᠪᠤᠳᠠᠷ ᠣᠯᠵᠤ᠂ ᠡᠬᠡᠨᠡᠷ ᠨᠢ 5 ᠵᠢᠯ ᠤᠨ ᠡᠮᠦᠨ᠎ᠡ ᠲᠦᠷᠭᠡᠨ ᠴᠢᠨᠠᠷᠲᠠᠢ ᠯᠢᠮᠪᠠ ᠶᠢᠨ ᠡᠰ ᠤᠨ ᠬᠡᠯᠪᠡᠷᠢ ᠶᠢᠨ ᠴᠢᠰᠤ ᠴᠠᠢᠬᠤ ᠡᠪᠡᠳᠴᠢᠨ M2 ᠬᠡᠯᠪᠡᠷᠢ ᠶᠢᠨ ᠡᠪᠡᠳᠴᠢᠨ ᠳᠤ  ᠨᠡᠷᠪᠡᠭᠳᠡᠪᠡ᠂ ᠭᠡᠨᠡᠳᠲᠡ ᠡᠭᠦᠰᠦᠭᠰᠡᠨ ᠡᠪᠡᠳᠴᠢᠨ ᠤ ᠪᠠᠶᠢᠳᠠᠯ ᠨᠢ ᠡᠨᠡ ᠬᠦ ᠭᠡᠷ ᠪᠦᠯᠢ ᠳᠤ ᠮᠠᠰᠢ ᠶᠡᠭᠡ ᠠᠵᠤ ᠠᠬᠤᠢ ᠶᠢᠨ ᠳᠠᠷᠤᠯᠲᠠ ᠥᠭᠴᠦ᠂ ᠪᠠᠶᠢᠳᠠᠯ ᠢ ᠨᠢ ᠣᠶᠢᠯᠠᠭᠠᠭᠰᠠᠨ ᠤ ᠳᠠᠷᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠠᠴᠠ ᠭᠡᠷ ᠪᠦᠯᠢ ᠶᠢᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠡᠪᠡᠳᠴᠢᠨ ᠤ ᠵᠢᠱᠢᠶ᠎ᠡ ᠪᠠᠷ ᠣᠨᠣᠰᠢᠯᠠᠬᠤ᠂ ᠫᠢᠶᠣᠣ ᠪᠠᠷᠢᠮᠲᠠ ᠪᠣᠯᠤᠨ ᠭᠡᠷ ᠪᠦᠯᠢ ᠶᠢᠨ ᠣᠷᠣᠯᠭ᠎ᠠ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠲᠡᠭᠦᠨ ᠢ ᠲᠤᠭᠤᠷᠢᠭ ᠤᠨ ᠲᠡᠰ ᠤᠨ ᠲᠦᠷ ᠴᠠᠭ ᠤᠨ ᠠᠪᠤᠷᠠᠨ ᠲᠤᠰᠠᠯᠠᠬᠤ ᠶᠢ ᠭᠤᠶᠤᠴᠢᠯᠠᠬᠤ ᠳᠤ ᠢᠳᠡᠪᠬᠢᠲᠡᠢ ᠬᠠᠮᠵᠢᠨ᠂ 15000 ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ  ᠮᠦᠩᠬᠦ ᠦᠭᠬᠦ ᠪᠠᠷ ᠲᠣᠭᠲᠠᠪᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠶᠢ ᠢᠮᠠᠭᠲᠠ ᠪᠠᠷᠢᠮᠲᠠᠯᠠᠵᠤ᠂ ᠬᠦᠴᠢᠷᠳᠡᠯᠲᠡᠢ ᠡᠲᠡᠭᠡᠳ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠴᠠᠭ ᠲᠤᠬᠠᠢ ᠳᠤᠨᠢ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠴᠦ᠂ ᠬᠦᠴᠢᠷᠳᠡᠯᠲᠡᠢ ᠤᠯᠠᠨ ᠲᠦᠮᠡᠨ ᠢ ᠰᠡᠳᠬᠢᠯ ᠳᠡᠭᠡᠨ ᠪᠤᠳᠤᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠳᠤ ᠲᠤᠯᠭᠠᠷᠠᠭᠰᠠᠨ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠪᠤᠷᠠᠨ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠵᠤ᠂ ᠬᠦᠴᠢᠷᠳᠡᠯᠲᠡᠢ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠢ ᠮᠡᠳᠡᠷᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号