ᠬᠠᠶᠢᠷᠤᠪ ᠤᠨ ᠲᠤᠬᠤᠢ ᠲᠣᠭᠤᠷᠢᠭ ᠤᠨ ︽ᠮᠥᠩᠬᠡ ᠰᠣᠪᠠᠭ · ᠨᠢᠭᠡ ᠯᠡ ᠤᠳᠠᠭ᠎ᠠ ᠳᠤ ᠭᠦᠢᠴᠡᠳᠭᠡᠬᠦ︾᠎ ᠳᠤ 30 ᠰᠢᠰᠲ᠋ᠧᠮ ᠤᠶᠢᠯᠡᠴᠢᠯᠡᠭᠡ ᠨᠡᠮᠡᠭᠳᠡᠪᠡ
ᠨᠡᠶᠢᠲᠡᠯᠡᠭᠰᠡᠨ ᠴᠠᠭ᠄
2023/8/11
      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠤᠯ ᠤᠨ 122 ᠵᠤᠶᠢᠯ ᠤᠨ ︽ᠨᠢᠭᠡ ᠯᠡ ᠤᠳᠠᠭ᠎ᠠ ᠳᠤ ᠭᠦᠢᠴᠡᠤᠡᠭᠡᠬᠦ︾ ᠰᠠᠭᠤᠷᠢᠨ ᠳᠡᠭᠡᠷ᠎ᠡ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ᠂ ᠴᠤᠪᠤᠷᠠᠯ ᠢ ᠳᠠᠬᠢᠨ ᠪᠠᠶᠢᠭᠤᠯᠬᠤ ᠶᠢ ᠠᠬᠢᠭᠤᠯᠬᠤ ᠪᠠᠷ ᠳᠠᠮᠵᠢᠭᠤᠯᠤᠨ᠂ 30 ᠰᠢᠰᠲ᠋ᠧᠮ ᠤᠶᠢᠯᠡᠴᠢᠯᠡᠭᠡ ᠰᠢᠨ᠎ᠡ ᠪᠠᠷ ᠨᠡᠮᠡᠭᠳᠡᠪᠡ᠃      ᠰᠢᠨ᠎ᠡ ᠪᠠᠷ ᠨᠡᠮᠡᠭᠳᠡᠭᠰᠡᠨ 30 ᠰᠢᠰᠲ᠋ᠧᠮ ᠤᠶᠢᠯᠡᠴᠢᠯᠡᠭᠡ᠄ ᠠᠵᠤ ᠠᠬᠤᠶᠢᠯᠠᠯ ᠤᠨ ᠬᠥᠭᠵᠢᠯᠲᠡ ᠳᠤ ᠰᠠᠭᠤᠷᠢᠯᠠᠨ᠂ ᠠᠵᠤ ᠠᠬᠤᠶᠢᠯᠠᠯ ᠡᠷᠭᠢᠯᠡᠬᠦ᠂ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠵᠡᠷᠭᠡ ᠠᠵᠤ ᠠᠬᠤᠶᠢᠯᠠᠯ ᠳᠤ ᠬᠤᠯᠪᠣᠭᠳᠠᠬᠤ 7 ᠵᠦᠢᠯᠡᠰ ᠢ ᠨᠠᠶᠢᠷᠠᠭᠤᠯᠤᠨ ᠵᠣᠬᠢᠶᠠᠨ᠎ᠠ︔ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠳᠠᠭᠠᠳᠬᠠᠯ ᠳᠤ ᠣᠷᠣᠬᠤ ᠳᠡᠩᠰᠡᠯᠡᠯᠲᠡ᠂ ᠠᠵᠢᠯ ᠤᠯᠭᠤᠯᠲᠠ ᠶᠢᠨ ᠳᠡᠩᠰᠡᠯᠡᠯᠲᠡ᠂ ᠠᠵᠢᠯ ᠠᠯᠳᠠᠯᠲᠠ ᠶᠢᠨ ᠳᠡᠩᠰᠡᠯᠡᠯᠲᠡ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ᠂ ᠠᠵᠢᠯᠲᠠᠨ ᠠᠵᠢᠯᠴᠢᠨ ᠤ ᠦᠷᠡᠵᠢᠯ ᠤᠨ ᠨᠡᠮᠡᠭᠦᠷᠢ᠂ ᠭᠠᠳᠠᠭᠰᠢ ᠰᠢᠯᠵᠢᠭᠦᠯᠦᠨ ᠡᠮᠨᠡᠭᠦᠯᠬᠦ᠂ ᠬᠡᠦᠬᠡᠳ ᠢ ᠡᠷᠭᠦᠨ ᠲᠡᠵᠢᠭᠡᠬᠦ ᠵᠡᠷᠭᠡ 10 ᠵᠦᠢᠯ ᠤᠨ ᠬᠤᠪᠢ ᠬᠥᠮᠦᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠢ ᠪᠠᠭᠲᠠᠭᠠᠨ᠎ᠠ᠂  ︽ᠪᠢ ᠳᠡᠯᠭᠡᠭᠦᠷ ᠨᠡᠭᠡᠭᠡᠵᠦ᠂ ᠪᠢ ᠠᠵᠢᠯ ᠶᠠᠪᠤᠳᠠᠯ ᠭᠦᠢᠴᠡᠳᠬᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠨ ᠳᠤ᠂ ᠢᠳᠡᠰᠢᠨ ᠨᠣᠭᠤᠭ᠎ᠠ ᠶᠢᠨ ᠳᠡᠯᠭᠡᠭᠦᠷ᠂ ᠪᠤᠤᠽᠢ ᠶᠢᠨ ᠳᠡᠯᠭᠡᠭᠦᠷ᠂ ᠡᠬᠡ ᠨᠢᠯᠬᠠᠰ ᠤᠨ ᠬᠡᠷᠡᠭᠰᠡᠯ ᠤᠨ ᠳᠡᠯᠭᠡᠭᠦᠷ᠂ ᠠᠶᠤᠯᠲᠠᠶ ᠬᠢᠮᠢ ᠶᠢᠨ ᠵᠦᠢᠯ ᠢ ᠡᠵᠡᠩᠨᠡᠬᠦ᠂ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ 13 ᠵᠦᠢᠯᠡᠰ ᠢ ᠭᠠᠷᠭᠠᠵᠤ᠂ ︽ᠨᠢᠭᠡ ᠶᠠᠪᠤᠳᠠᠯ︾᠎ ᠤᠨ ᠰᠢᠰᠲ᠋ᠧᠮ ᠤᠶᠢᠯᠡᠴᠢᠯᠡᠭᠡ ᠶᠢ ᠠᠵᠤ ᠠᠬᠤᠶᠢᠯᠠᠯ ᠪᠠ ᠣᠯᠠᠨ ᠲᠦᠮᠡᠨ ᠤ ︽ᠰᠢᠷᠡᠭᠡᠨ ᠤ ᠡᠮᠦᠨ᠎ᠡ︾ ᠦᠨᠡᠨ ᠬᠦ ᠲᠠᠯᠪᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰ ᠳᠡᠪᠰᠢᠭᠰᠡᠨ ᠬᠡᠪ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃      ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠤᠡᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ 7 ︽ᠮᠥᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠤᠡᠭᠡᠬᠦ︾ ᠶᠡᠷᠦᠩᠬᠡᠶᠢᠯᠡᠭᠰᠡᠨ ᠤᠶᠢᠯᠡᠴᠢᠯᠡᠭᠡᠨ ᠤ ᠴᠣᠩᠬᠤᠪᠴᠢ ᠲᠣᠬᠢᠷᠠᠭᠤᠯᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠴᠣᠩᠬᠤᠪᠴᠢ ᠪᠠᠷ ᠭᠦᠢᠴᠡᠤᠡᠭᠡᠬᠦ᠂ ᠨᠢᠭᠡ ᠯᠡ ᠤᠳᠠᠭ᠎ᠠ ᠳᠤ ᠭᠦᠢᠴᠡᠤᠡᠭᠡᠵᠤ ᠳᠠᠭᠤᠰᠬᠠᠬᠤ︾᠎ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠰᠲ᠋ᠧᠮ ᠤᠶᠢᠯᠡᠴᠢᠯᠡᠭᠡᠨ ᠬᠠᠩᠭᠠᠪᠠ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠤᠡᠭᠡᠬᠦ︾ ᠠᠵᠢᠯ ᠶᠠᠪᠤᠳᠠᠯ ᠭᠦᠢᠴᠡᠤᠡᠭᠡᠬᠦ ᠵᠦᠭᠯᠡᠭᠦᠷ ᠢ ᠪᠥᠬᠦ ᠲᠠᠯ᠎ᠠ ᠪᠠᠷ ᠡᠮᠬᠢᠯᠡᠨ ᠳᠢᠭᠯᠡᠬᠦ ᠶᠢᠨ ᠬᠠᠮᠲᠤ᠂ ᠣᠯᠠᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠦᠢᠯᠡᠰ ᠲᠤ ᠬᠤᠯᠪᠣᠭᠳᠠᠭᠰᠠᠨ ᠦᠨᠳᠦᠰᠦᠯᠡᠯ᠂ ᠭᠥᠯᠢᠶᠡᠨ ᠠᠪᠴᠤ ᠰᠢᠢᠤᠡᠪᠤᠷᠢᠯᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠤᠡᠭᠡᠵᠤ ᠳᠠᠭᠤᠰᠬᠠᠬᠤ ᠴᠠᠭ ᠤᠨ ᠬᠢᠵᠠᠭᠠᠷ᠂  ᠭᠦᠢᠴᠡᠤᠡᠭᠡᠭᠰᠡᠨ ᠦᠷ᠎ᠡ ᠳ᠋ᠦᠩ ᠵᠡᠷᠭᠡ ᠬᠦᠴᠦᠨ ᠵᠤᠶᠢᠯ ᠢ ᠡᠮᠬᠢᠯᠡᠨ ᠳᠢᠭᠯᠡᠵᠦ᠂ ᠡᠮᠦᠨ᠎ᠡ ᠬᠤᠶᠢᠨᠠᠬᠢ ᠲᠠᠰ ᠳᠠᠷᠠᠭᠠᠯᠠᠯ ᠢ ᠵᠦᠶ ᠵᠣᠬᠢᠰᠲᠠᠶ ᠳᠣᠭᠢᠷᠠᠭᠤᠯᠤᠨ᠂ ᠭᠦᠢᠴᠡᠤᠡᠭᠡᠬᠦ ᠬᠦᠴᠦᠨ ᠵᠤᠶᠢᠯ ᠪᠠ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠵᠠᠮ ᠢᠶᠠᠷ ᠳᠠᠮᠵᠢᠭᠤᠯᠤᠨ ᠠᠳᠠᠯᠢ ᠡᠬᠢ ᠲᠠᠢ ᠪᠠᠷ ᠨᠡᠶᠢᠲᠡᠯᠡᠵᠦ᠂ ᠵᠡᠷᠭᠡ ᠪᠠᠷ ᠰᠢᠨᠡᠳᠬᠡᠪᠡ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠬᠡᠷᠡᠭ ᠶᠠᠪᠤᠳᠠᠯ ᠤᠨ ᠬᠦᠷᠢᠶ᠎ᠡ ᠬᠡᠪᠴᠢᠶ᠎ᠡ ᠪᠠᠨ ᠴᠢᠨᠠᠭᠰᠢᠳᠠ ᠥᠷᠭᠡᠳᠬᠡᠵᠦ᠂ ᠦᠢᠯᠡᠴᠢᠯᠡᠭᠡᠨ ᠤ ᠬᠦᠷᠢᠶ᠎ᠡ ᠪᠠᠨ ᠥᠷᠭᠡᠳᠬᠡᠵᠦ᠂ ᠤᠯᠠᠨ ᠲᠦᠮᠡᠨ ᠤ ᠬᠠᠷᠠᠯᠲᠠ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠪᠡᠶᠡᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号