ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶ᠎ᠠ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠦᠯᠲᠡ ᠶᠢᠨ ᠬᠥᠳᠡᠯᠦᠩᠭᠦᠶ ᠲᠣᠭᠤᠷᠢᠨ ᠪᠠᠶᠢᠴᠠᠭᠠᠬᠤ ᠠᠵᠢᠯ ᠢᠶᠠᠨ ᠴᠢᠩᠭᠠᠤᠡᠬᠠᠪᠠ
ᠨᠡᠶᠢᠲᠡᠯᠡᠭᠰᠡᠨ ᠴᠠᠭ᠄
2023/8/14
      ᠭᠠᠵᠠᠷ ᠰᠢᠷᠣᠶ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠬᠤ ᠶᠢᠨ ᠲᠥᠯᠥᠭᠡ᠂ ︽ᠡᠷᠲᠡ ᠮᠡᠳᠡᠬᠦ᠂ ᠬᠤᠷᠢᠭᠯᠠᠨ ᠵᠣᠭᠰᠣᠭᠠᠬᠤ᠂ ᠰᠢᠢᠳᠪᠦᠷᠢᠯᠡᠵᠦ ᠳᠡᠶᠢᠯᠬᠦ︾ ᠵᠠᠷᠴᠢᠮ ᠶᠣᠰᠣᠭᠠᠷ᠂ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠬᠤ ᠠᠵᠢᠯ ᠤᠨ ᠳᠤᠮᠳᠠ᠂ ︽ᠮᠡᠳᠡᠭᠦᠯᠬᠦ᠂ ᠠᠩᠬᠠᠷᠬᠤ᠂ ᠪᠠᠶᠢᠴᠠᠭᠠᠬᠤ︾ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠᠨ ᠦᠨᠡᠨᠬᠦ ᠪᠠᠲᠤᠯᠠᠪᠠ᠃      ᠨᠢᠭᠡ ᠳᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠣᠯᠵᠤ ᠮᠡᠳᠡᠭᠰᠡᠨ ᠤ ᠳᠠᠷᠠᠭ᠎ᠠ᠂ ︽ᠡᠷᠲᠡ ᠢᠯᠡᠷᠡᠭᠦᠯᠵᠦ᠂ ᠡᠷᠲᠡ ᠬᠤᠷᠢᠭᠯᠠᠬᠤ︾ ᠵᠠᠷᠴᠢᠮ ᠶᠣᠰᠣᠭᠠᠷ᠂ ᠪᠣᠳᠠᠲᠠᠶ ᠪᠠᠶᠢᠳᠠᠯ ᠢᠶᠠᠨ ᠲᠡᠷᠡ ᠳᠠᠷᠤᠶ ᠳᠤᠨᠢ ᠳᠡᠭᠡᠭᠰᠢ ᠮᠡᠳᠡᠭᠦᠯᠵᠦ᠂ ᠬᠠᠮᠤᠭ ᠤᠨ ᠰᠠᠶᠢᠨ ᠰᠢᠢᠳᠪᠦᠷᠢᠯᠡᠬᠦ ᠴᠠᠭ ᠢ ᠰᠠᠭᠠᠲᠠᠭᠠᠬᠤ ᠦᠭᠡᠢ ᠪᠠᠶᠢᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠶᠢ ︽ᠡᠬᠢᠨ ᠤ ᠦᠶ᠎ᠡ ᠳᠤ ᠢᠯᠡᠷᠡᠭᠦᠯᠵᠦ᠂ ᠴᠤᠬᠤᠶᠢᠵᠤ ᠪᠠᠶᠢᠬᠤ ᠳᠤᠨᠢ ᠰᠢᠢᠳᠪᠦᠷᠢᠯᠡᠬᠦ︾᠎ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ ᠲᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠬᠤ ᠪᠠ ᠪᠦᠬᠦ ᠲᠠᠯ᠎ᠠ ᠪᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠠᠵᠠᠷ ᠬᠡᠷᠡᠭᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠥᠳᠡᠯᠦᠩᠭᠦᠶ ᠲᠣᠭᠤᠷᠢᠨ ᠪᠠᠶᠢᠴᠠᠭᠠᠵᠤ ᠳᠠᠩᠰᠠᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠶᠢ ᠴᠢᠩᠭ᠎ᠠ ᠠᠩᠬᠠᠷᠬᠤ ᠬᠡᠷᠡᠭᠲᠡᠢ᠃ ᠡᠭᠦᠨ ᠤ ᠬᠠᠮᠲᠤ᠂ ᠲᠤᠬᠠᠶ ᠶᠢᠨ ᠬᠥᠮᠦᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ ᠳᠤ᠂ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠰᠢᠢᠳᠪᠦᠷᠢᠯᠡᠬᠦ ᠶᠠᠪᠤᠴᠠ ᠳᠤ᠂ ᠬᠠᠤᠯᠢ ᠴᠠᠭᠠᠵᠠ ᠶᠢᠨ ᠵᠢᠷᠤᠮ ᠢ ᠴᠢᠩᠭ᠎ᠠ ᠵᠢᠷᠤᠮᠯᠠᠨ᠂ ᠰᠢᠢᠳᠪᠦᠷᠢᠯᠡᠬᠦ ᠠᠷᠭ᠎ᠠ ᠮᠠᠶ᠋ᠢᠭ ᠢ ᠠᠩᠬᠠᠷᠴᠤ᠂ ᠡᠴᠦᠰ ᠲᠤᠨᠢ ᠲᠤᠯᠲᠠᠯ᠎ᠠ ᠮᠥᠷᠳᠡᠵᠦ᠂ ᠬᠠᠤᠯᠢ ᠶᠢ ᠵᠥᠷᠢᠴᠡᠭᠰᠡᠨ ᠪᠠᠶᠢᠳᠠᠯ ᠢ ᠠᠷᠢᠯᠭᠠᠬᠤ ᠬᠦᠷᠲᠡᠯ᠎ᠡ ᠪᠡᠶᠡᠯᠡᠭᠦᠯᠦᠨ᠎ᠡ᠃ ᠡᠭᠦᠨ ᠤ ᠬᠠᠮᠲᠤ ᠴᠡᠭᠴᠡᠯᠡᠨ ᠰᠠᠶᠢᠵᠢᠷᠠᠭᠤᠯᠬᠤ ᠭᠠᠵᠠᠷ ᠰᠢᠷᠣᠶ ᠶᠢᠨ ᠬᠠᠷᠢᠭᠤ ᠰᠤᠷᠪᠤᠯᠵᠢᠯᠠᠬᠤ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠠᠬᠢᠨ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号