ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ︽ᠨᠠᠮ ᠤᠨ ᠬᠥᠮᠦᠵᠢᠯ ᠢᠶᠠᠷ ᠬᠥᠲᠥᠯᠥᠨ ᠳᠠᠭᠠᠭᠤᠯᠵᠤ ᠡᠩᠨᠡᠭᠡᠨ ᠤ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠭᠠᠳᠬᠠᠬᠤ︾ ᠨᠠᠮ ᠤᠨ ᠬᠢᠴᠢᠶᠡᠯ ᠣᠷᠣᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/14
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠲᠠ ᠰᠤᠷᠤᠯᠴᠠᠨ ᠲᠤᠭᠤᠰᠢᠯᠠᠭᠤᠯᠬᠤ  ᠶᠢᠨ ᠲᠥᠯᠥᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠢᠯᠠᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠪᠡ᠃ 8 ᠰᠠᠷ᠎ᠠ ᠶᠢᠨ 3᠎ ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠤᠭᠤᠷᠢᠭ ᠤᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠪᠠᠶᠢᠩᠭᠤ ᠶᠢᠨ ᠳᠡᠳ᠋ ᠱᠦᠵᠢ ᠯᠢᠦ ᠶᠠᠩ ᠢ ᠤᠷᠢᠵᠤ ᠭᠤᠤᠯᠯᠠᠨ ᠶᠠᠷᠢᠭᠴᠢ ᠶᠢᠨ ᠬᠤᠪᠢ ᠪᠠᠷ ︽ᠨᠠᠮ ᠤᠨ ᠬᠥᠮᠦᠵᠢᠯ ᠢᠶᠠᠷ ᠬᠥᠲᠥᠯᠥᠨ ᠳᠠᠭᠠᠭᠤᠯᠵᠤ ᠡᠩᠨᠡᠭᠡᠨ ᠤ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠭᠠᠳᠬᠠᠬᠤ︾᠎ ᠪᠠᠷ ᠭᠤᠤᠯ ᠰᠡᠳᠦᠪ ᠪᠣᠯᠭᠠᠵᠤ ᠲᠤᠰᠬᠠᠶ ᠰᠡᠳᠦᠪᠲᠦ ᠨᠠᠮ ᠤᠨ ᠬᠢᠴᠢᠶᠡᠯ ᠢ ᠤᠬᠠᠭᠤᠯᠤᠨ ᠲᠠᠶᠢᠯᠪᠤᠷᠢᠯᠠᠪᠠ᠃      ᠯᠢᠦ ᠶᠠᠩ ᠨᠥᠬᠦᠷ ︽ᠨᠢᠭᠡ ᠤᠳᠤᠮᠰᠢᠯ ᠢᠶᠠᠷ ᠤᠯᠠᠮᠵᠢᠯᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠬᠦᠴᠦᠯᠡᠨ ᠳᠡᠭᠡᠭᠰᠢᠯᠡᠭᠦᠯᠬᠦ︾ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ︾ ︽ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ᠂ ᠦᠵᠡᠯ ᠰᠠᠨᠠᠭ᠎ᠠ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠬᠤ︾ ︽ᠨᠠᠮ ᠢ ᠴᠢᠩᠭ᠎ᠠ ᠵᠠᠰᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ︾ ᠵᠡᠷᠭᠡ ᠲᠦᠷᠪᠡᠨ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃ ᠨᠠᠮ ᠤᠨ ᠬᠢᠴᠢᠶᠡᠯ ᠤᠨ ᠭᠤᠣᠯ ᠰᠡᠳᠦᠪ ᠲᠣᠳᠣᠷᠬᠠᠢ᠂ ᠰᠤᠳᠠᠰᠤ ᠨᠢ ᠲᠣᠳᠣᠷᠬᠠᠢ᠂ ᠦᠭᠡ ᠬᠡᠯᠡ ᠨᠢ ᠪᠣᠷᠣᠭᠵᠢᠭᠤᠨ ᠠᠮᠢᠳᠤᠯᠢᠭ ᠪᠠᠶᠢᠵᠤ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠠᠮᠲᠤ ᠶᠢᠨ ᠬᠦᠷᠢᠶᠡᠯᠡᠯ ᠢ ᠣᠯᠵᠤ᠂ ᠨᠠᠮ ᠤᠨ ᠭᠡᠰᠢᠭᠦᠨ ᠤ ᠬᠥᠮᠦᠵᠢᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢᠶᠠᠨ ᠴᠢᠩᠭᠠᠳᠬᠠᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠯᠢᠦ ᠶᠠᠩ ᠨᠥᠬᠦᠷ ᠵᠢᠭᠠᠵᠤ ᠭᠠᠷᠭᠠᠭᠰᠠᠨ ᠨᠢ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠰᠢᠨ᠎ᠡ ᠬᠡᠪ ᠪᠠᠶᠢᠳᠠᠯ︾᠎ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ︽ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ︾ ᠰᠢᠨ᠎ᠡ ᠱᠠᠭᠠᠷᠳᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠬᠠᠮᠰᠠᠷ ᠠᠴᠠ ᠪᠠᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠠᠷᠢᠭᠤᠨ ᠴᠢᠬᠡᠴᠢ ᠪᠠᠷ ᠬᠥᠮᠦᠨ ᠪᠣᠯᠬᠤ᠂ ᠠᠷᠢᠭᠤᠨ ᠴᠢᠬᠡᠴᠢ ᠪᠠᠷ ᠠᠵᠢᠯ ᠬᠢᠬᠦ ᠶᠢ ᠪᠡᠶᠡᠯᠡᠭᠦᠯᠵᠦ᠂ ︽ᠲᠦᠷᠪᠡᠨ ᠪᠣᠭᠤᠮᠲᠠ︾᠎ ᠶᠢ ᠭᠤᠣᠯᠳᠠᠯᠭ᠎ᠠ ᠲᠠᠢ ᠰᠠᠶᠢᠲᠤᠷ ᠡᠵᠡᠮᠳᠡᠬᠦ ᠬᠡᠷᠡᠭᠲᠡᠢ︔ ᠨᠢᠭᠡ ᠳᠤ ᠡᠷᠬᠡ ᠶᠢᠨ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠢ︔ ᠬᠤᠶᠠᠷ ᠲᠤ ᠲᠥᠷᠥᠯ ᠰᠠᠳᠤᠨ ᠤ ᠬᠠᠷᠢᠴᠠᠭ᠎ᠠ ᠶᠢᠨ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ︔ ᠭᠤᠷᠪᠠ ᠳᠤ ᠨᠠᠶᠢᠵᠠᠯᠠᠬᠤ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ︔ ᠳᠦᠷᠪᠡ ᠳᠤ ᠪᠠᠶᠠᠷ ᠤᠨ ᠡᠳᠦᠷ ᠢ ᠰᠠᠶᠢᠲᠤᠷ ᠡᠵᠡᠮᠳᠡᠬᠦ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠭᠦᠨᠵᠡᠭᠡᠶᠢᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠡᠭᠦᠨ ᠤ ᠬᠠᠮᠲᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ ᠪᠣᠯ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠭᠤᠯᠭ᠎ᠠ ᠮᠥᠨ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠪᠠᠲᠤᠯᠠᠭ᠎ᠠ ᠮᠥᠨ᠂ ᠪᠦᠬᠦ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠡᠭᠦᠨ ᠢ ᠮᠡᠳᠡᠬᠦ ᠬᠡᠷᠡᠭᠲᠡᠢ᠄ ᠨᠢᠭᠡ ᠳᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠨᠡᠷ᠎ᠡ ᠠᠰᠢᠭ ᠢ ᠬᠥᠭᠡᠭᠡᠴᠡᠯᠳᠦᠬᠦ ᠰᠡᠳᠬᠢᠯ ᠢ ᠬᠥᠭᠡᠭᠡᠴᠡᠯᠳᠦᠬᠦ ᠬᠡᠷᠡᠭᠲᠡᠢ᠃ ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠰᠤᠷᠲᠠᠯ ᠤᠨ ᠪᠣᠭᠤᠮᠲᠠ ᠶᠢ ᠢᠮᠠᠭᠲᠠ ᠴᠢᠩᠭ᠎ᠠ ᠰᠠᠬᠢᠬᠤ ᠬᠡᠷᠡᠭᠲᠡᠢ᠃ ᠬᠤᠶᠠᠷ ᠲᠤ᠂ ᠰᠡᠷᠡᠮᠵᠢᠯᠡᠬᠦᠯᠬᠦ ᠪᠠᠨ ᠴᠢᠩᠭᠠᠳᠬᠠᠵᠤ᠂ ᠥᠪᠡᠷ ᠢ ᠪᠠᠨ ᠳᠠᠪᠲᠠᠨ ᠪᠣᠯᠪᠠᠰᠤᠷᠠᠭᠤᠯᠬᠤ ᠶᠢ ᠴᠢᠩᠭᠠᠳᠬᠠᠬᠤ ᠬᠡᠷᠡᠭᠲᠡᠢ᠃ ᠴᠠᠭ ᠢᠮᠠᠭᠲᠠ ᠪᠡᠶ᠎ᠡ ᠪᠠᠨ ᠬᠢᠴᠢᠶᠡᠨ ᠪᠣᠯᠭᠤᠮᠵᠢᠲᠠᠢ ᠪᠠᠶᠢᠵᠤ᠂ ᠥᠪᠡᠷ ᠤᠨ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ︽ᠰᠢᠬᠢᠷᠲᠦ ᠶᠡᠭᠡ ᠫᠤᠤ ᠶᠢᠨ ᠰᠤᠮᠤ︾᠎ ᠶᠢᠨ ᠡᠮᠦᠨ᠎ᠡ ᠡᠮᠬᠢ ᠵᠠᠮᠪᠠᠷᠠᠭ᠎ᠠ ᠦᠭᠡᠢ ᠪᠠᠶᠢᠬᠤ ᠦᠭᠡᠢ ᠪᠠᠶᠢᠳᠠᠯ ᠢ ᠪᠠᠲᠤᠯᠠᠬᠤ ᠬᠡᠷᠡᠭᠲᠡᠢ᠃ ᠭᠤᠷᠪᠠ ᠳᠤ᠂ ᠬᠤᠷᠢᠭ᠎ᠠ ᠱᠤᠭᠤᠮ ᠢ ᠰᠠᠬᠢᠵᠤ᠂ ᠠᠵᠢᠯᠯᠠᠭᠠᠨ ᠤ ᠤᠬᠠᠮᠰᠠᠷ ᠢᠶᠠᠨ ᠪᠠᠲᠤᠯᠠᠬᠤ ᠬᠡᠷᠡᠭᠲᠡᠢ᠃ ᠲᠦᠷᠦᠭᠦᠯᠡᠨ ᠬᠠᠤᠯᠢ ᠴᠠᠭᠠᠵᠠ ᠶᠢ ᠵᠢᠷᠤᠮᠯᠠᠵᠤ᠂ ᠬᠠᠤᠯᠢ ᠴᠠᠭᠠᠵᠠ ᠶᠢ ᠬᠡᠷᠡᠭᠵᠢᠭᠦᠯᠵᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠲᠦᠷᠦᠭᠦᠯᠡᠨ ᠪᠤᠢ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号