ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ ︵ᠴᠡᠭ︶᠎ ᠶᠢᠨ ᠤᠷ᠎ᠠ ᠴᠢᠳᠠᠪᠤᠷᠢ ᠶᠢᠨ ᠮᠥᠷᠦ᠋ᠢᠴᠡᠭᠡᠨ ᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/8/21
      ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ ︵ᠴᠡᠭ︶᠎ ᠶᠢᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠤᠡᠭᠡᠬᠦ ᠤᠶᠢᠯᠡᠴᠢᠯᠡᠭᠡᠨ ᠤ ᠴᠣᠩᠬᠤᠨ ᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 5᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︽ᠰᠢᠨ᠎ᠡ ᠡᠮ ᠡᠮᠨᠡᠯᠭᠡ ᠶᠢᠨ ᠳᠠᠭᠠᠳᠬᠠᠯ · ᠣᠳᠣᠨ ᠤᠶᠢᠯᠡᠴᠢᠯᠡᠭᠡ︾ ᠭᠡᠬᠦ ᠭᠤᠤᠯ ᠰᠡᠳᠦᠪᠲᠦ ᠤᠷ᠎ᠠ ᠴᠢᠳᠠᠪᠤᠷᠢ ᠶᠢᠨ ᠮᠥᠷᠦ᠋ᠢᠴᠡᠭᠡᠨ ᠤ ᠤᠷᠤᠯᠳᠤᠭᠠᠨ ᠡᠷᠭᠢᠯᠡᠪᠡ᠃      ᠲᠣᠰ ᠤᠳᠠᠭᠠᠨ ᠤ ᠮᠥᠷᠦ᠋ᠢᠴᠡᠭᠡᠨ ᠤ ᠤᠷᠤᠯᠳᠤᠭᠠᠨ ᠢ ᠮᠡᠳᠡᠯᠭᠡ ᠶᠢᠨ ᠤᠷᠤᠯᠳᠤᠭᠠᠨ ᠪᠠ ᠪᠣᠳᠠᠲᠤ ᠶᠠᠪᠤᠳᠠᠯ ᠤᠨ ᠠᠵᠢᠯᠯᠠᠭ᠎ᠠ ᠭᠡᠵᠦ ᠬᠤᠶᠠᠷ ᠬᠡᠰᠡᠭ ᠬᠤᠪᠢᠶᠠᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠠᠵᠢᠯᠲᠠᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠤᠬᠠᠶ ᠣᠶᠢᠯᠠᠭᠠᠯᠲᠠ ᠪᠠ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ ᠪᠣᠳᠠᠲᠠᠶ ᠠᠵᠢᠯᠯᠠᠭ᠎ᠠ ᠵᠡᠷᠭᠡ ᠴᠢᠳᠠᠪᠤᠷᠢ ᠶᠢ ᠪᠥᠬᠦ ᠲᠠᠯ᠎ᠠ ᠪᠠᠷ ᠰᠢᠨᠵᠢᠯᠡᠨ ᠪᠠᠶᠢᠴᠠᠭᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ ︵ᠴᠡᠭ︶᠎ ᠶᠢᠨ 42 ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠠᠵᠢᠯᠲᠠᠨ ᠢᠳᠡᠪᠬᠢᠲᠡᠢ ᠣᠷᠣᠯᠴᠠᠵᠤ᠂ ᠤᠷᠤᠯᠳᠤᠭᠠᠨ ᠤ ᠲᠠᠯᠠᠪᠤᠷ ᠲᠤ ᠴᠤᠭ ᠵᠢᠪᠬᠤᠭ᠎ᠠ ᠲᠡᠭᠦᠯᠳᠡᠷ᠂ ᠯᠠᠪᠳᠠᠭᠤᠨ ᠲᠣᠭᠲᠠᠭᠤᠨ ᠰᠡᠳᠬᠢᠵᠦ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠬᠤᠷᠳᠤᠴᠠ ᠪᠠᠨ ᠠᠳᠠᠯᠢᠳᠬᠠᠵᠤ᠂ ᠣᠶᠤᠨ ᠤᠬᠠᠭᠠᠨ ᠢᠶᠠᠨ ᠰᠢᠪᠬᠠᠵᠤ᠂ ︽ᠣᠶᠤᠨ ᠤᠬᠠᠭᠠᠨ ᠤ ᠬᠥᠮᠥᠷᠭᠡ︾᠎ ᠶᠢ ᠲᠡᠮᠡᠴᠡᠵᠦ᠂ ᠯᠠᠪᠳᠠᠭᠤᠨ ᠪᠠᠲᠤᠲᠠᠶ ᠤᠨᠤᠯ ᠤᠨ ᠰᠠᠭᠤᠷᠢ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠨᠢ ᠢᠯᠡᠷᠡᠭᠦᠯᠪᠡ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 3᠂ ᠭᠤᠷᠪᠠᠳᠤᠭᠠᠷ ᠳᠡᠰ ᠤᠨ ᠱᠠᠩᠨᠠᠯ 6 ᠨᠡᠷᠡᠰ ᠢ ᠰᠢᠯᠭᠠᠷᠠᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ ︵ᠴᠡᠭ︶᠎ ᠶᠢᠨ ᠭᠠᠷᠲᠠᠨ ᠭᠦᠢᠴᠡᠳᠭᠡᠬᠦ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ ᠤᠨ ᠠᠵᠢᠯ ᠤᠨ ᠲᠤᠬᠠᠶ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠰᠢᠷᠭᠠᠭᠤ ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠬᠤ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃     ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠥᠪ ᠠᠴᠠ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠪᠣᠯᠤᠨ ᠭᠠᠷᠲᠠᠨ ᠭᠦᠢᠴᠡᠳᠭᠡᠬᠦ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠳᠡᠷᠭᠡᠳᠡ ᠨᠠᠩ ᠰᠠᠶᠢᠲᠤᠷ ᠤᠬᠠᠭᠤᠯᠵᠤ᠂ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ︽ᠨᠢᠭᠡ ᠮᠦᠴᠡᠲᠤ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾᠎ ᠶᠢ ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠳ ᠲᠤ ᠦᠨᠡᠨᠬᠦ ︽ᠭᠡᠷ ᠤᠨ ᠡᠭᠦᠳᠡ︾᠎ ᠳᠤ ᠴᠢᠨᠠᠷ ᠰᠠᠶᠢᠲᠠᠶ ᠳᠥᠭᠦᠮ ᠳᠥᠲᠡ ᠥᠨᠳᠥᠷ ᠪᠦᠲᠦᠮᠵᠢᠲᠡᠶ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠬᠦᠷᠲᠡᠭᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号