ᠬᠠᠶᠢᠷᠤᠪ ᠤᠨ ᠲᠣᠬᠤᠶ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠮᠠᠰᠢᠨᠲᠤ ᠲᠡᠷᠭᠡ ᠵᠣᠭᠰᠣᠭᠠᠬᠤ ᠬᠠᠨᠳᠤᠰᠢ ᠶᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/22
      ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠲᠡᠷᠭᠡ ᠵᠣᠭᠰᠣᠭᠠᠬᠤ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠤᠨ ᠪᠣᠯᠪᠠᠰᠤᠨ ᠢᠶᠠᠷ ᠲᠡᠷᠭᠡ ᠵᠣᠭᠰᠣᠭᠠᠬᠤ ᠡᠮᠬᠢ ᠳᠢᠭᠯᠢᠮ ᠢ ᠳᠡᠭᠡᠭᠰᠢᠯᠡᠭᠦᠯᠵᠦ᠂ ᠬᠤᠲᠠ ᠶᠢᠨ ᠳᠦᠷᠢ ᠲᠥᠷᠬᠦ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠮᠠᠰᠢᠨᠲᠤ ᠲᠡᠷᠭᠡ ᠵᠣᠭᠰᠣᠭᠠᠬᠤ ᠬᠠᠨᠳᠤᠰᠢ ᠶᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠭᠤᠤᠯᠳᠠᠭᠤ ︽ᠮᠡᠳᠡᠭᠳᠡᠬᠦ ᠰᠠᠨᠠᠭᠤᠯᠤᠮᠵᠢ ᠶᠢᠨ ᠬᠠᠭᠤᠳᠠᠰᠤ ᠨᠠᠭᠠᠬᠤ︾ ᠠᠷᠭ᠎ᠠ ᠮᠠᠶ᠋ᠢᠭ ᠢ ᠠᠪᠴᠤ᠂ ᠮᠠᠰᠢᠨᠲᠤ ᠲᠡᠷᠭᠡ ᠵᠣᠭᠰᠣᠭᠰᠠᠨ ᠨᠢ ᠵᠢᠷᠤᠮᠵᠢᠯ ᠥᠬᠡᠶ᠂ ᠲᠡᠷᠭᠡ ᠵᠣᠭᠰᠣᠬᠤ ᠭᠠᠵᠠᠷ ᠤᠨ ᠳᠣᠲᠣᠷᠠᠬᠢ ᠰᠤᠮᠤᠨ ᠦᠵᠦᠭᠦᠷ ᠤᠨ ᠴᠢᠭᠯᠡᠯ ᠢᠶᠠᠷ ᠵᠣᠭᠰᠣᠭᠠᠭᠰᠠᠨ ᠦᠭᠡᠢ ᠵᠡᠷᠭᠡ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠪᠠᠷ ᠴᠡᠭᠴᠡᠯᠡᠨ ᠵᠠᠰᠠᠵᠤ᠂ ᠵᠢᠷᠤᠮᠵᠢᠯ ᠥᠬᠡᠶ ᠪᠠᠷ ᠲᠡᠷᠭᠡ ᠵᠣᠭᠰᠣᠭᠠᠬᠤ ᠳᠤ ︽ᠬᠠᠤᠯᠢ ᠠᠴᠠ ᠵᠥᠷᠢᠴᠡᠨ ᠲᠡᠷᠭᠡ ᠵᠣᠭᠰᠣᠭᠠᠬᠤ ᠶᠢ ᠮᠡᠳᠡᠭᠳᠡᠬᠦ ᠬᠠᠭᠤᠳᠠᠰᠤ︾ ᠨᠠᠭᠠᠵᠤ᠂ ᠥᠷᠭᠡᠨ ᠣᠯᠠᠨ ᠲᠡᠷᠭᠡᠨ ᠤ ᠡᠵᠡᠨ ᠢ ᠤᠬᠠᠮᠰᠠᠷ ᠠᠴᠠ ᠪᠠᠨ ᠵᠢᠷᠤᠮᠵᠢᠭᠤᠯᠤᠨ ᠲᠡᠷᠭᠡ ᠵᠣᠭᠰᠣᠭᠠᠬᠤ ᠶᠢ ᠰᠠᠨᠠᠭᠤᠯᠪᠠ᠃ ᠣᠳᠣᠬᠠᠨ ᠪᠣᠯᠲᠠᠯ᠎ᠠ᠂ ᠨᠡᠶᠢᠲᠡ 3000 ᠭᠠᠷᠤᠶ ᠬᠠᠭᠤᠳᠠᠰᠤ ᠨᠠᠭᠠᠪᠠ᠃      ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠪᠠᠨ ᠥᠷᠨᠢᠭᠦᠯᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠ ᠲᠤᠰᠬᠠᠢ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠤᠳᠠ ᠶᠢᠨ ᠠᠷᠠᠳ ᠲᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠎ ᠨᠢ ᠪᠤᠢ ᠪᠣᠯᠭᠠᠵᠤ ᠥᠭᠭᠦᠨ᠎ᠡ᠃

1692610310020024798.jpg

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号