ᠰᠤᠷᠤᠯᠴᠠᠯᠭ᠎ᠠ ᠶᠢ ᠠᠳᠬᠤᠵᠤ ᠬᠡᠪ ᠴᠢᠨᠠᠷ ᠢᠶᠠᠨ ᠴᠢᠩᠭᠠᠳᠬᠠᠵᠤ ᠳᠡᠭᠡᠭᠰᠢᠯᠡᠭᠦᠯᠬᠦ ᠶᠢ ᠠᠬᠢᠭᠤᠯᠤᠨ᠎ᠠ —ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/8/22
      ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠨᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠤᠪᠤᠷᠠᠯ ᠢ ᠴᠢᠩᠭ᠎ᠠ ᠵᠢᠷᠤᠮᠵᠢᠭᠤᠯᠬᠤ᠂ ᠬᠠᠤᠯᠢ ᠬᠡᠷᠡᠭᠵᠢᠭᠦᠯᠦᠭᠰᠡᠨ ᠬᠡᠷᠡᠭ ᠢ ᠦᠢᠯᠡᠳᠬᠦ ᠪᠠᠷᠢᠮᠵᠢᠶ᠎ᠠ ᠶᠢ ᠨᠢ ᠲᠡᠭᠦᠯᠳᠡᠷᠵᠢᠭᠦᠯᠬᠦ ᠶᠢᠨ ᠲᠥᠯᠥᠭᠡ᠂ 8 ᠰᠠᠷ᠎ᠠ ᠶᠢᠨ 16᠎ ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠵᠢᠯᠲᠠᠨ ᠢᠶᠠᠨ ᠵᠣᠬᠢᠶᠠᠨ ᠪᠠᠶᠢᠭᠤᠯᠵᠤ ︽ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ ᠲᠠᠰ ᠳᠠᠷᠠᠭᠠᠯᠠᠯ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶᠠᠵᠢᠭᠤᠯᠤᠭᠰᠠᠨ ᠪᠣᠯᠪᠠᠰᠤᠷᠠᠭᠤᠯᠤᠯ ᠤᠨ ᠬᠤᠷᠠᠯ︾᠎ ᠢ ᠥᠷᠨᠢᠭᠦᠯᠪᠡ᠃      ᠪᠣᠯᠪᠠᠰᠤᠷᠠᠯ ᠤᠨ ᠬᠤᠷᠠᠯ ᠳᠡᠭᠡᠷ᠎ᠡ᠂ ᠬᠠᠤᠯᠢ ᠲᠦᠷᠢᠮ ᠤᠨ ᠠᠯᠪᠠᠨ ᠬᠡᠷ ᠤᠨ ᠳᠡᠳ᠋ ᠡᠷᠬᠢᠯᠡᠭᠴᠢ ᠰᠥᠩ ᠰᠢᠨ ᠬᠤᠸᠠ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠭᠰᠠᠨ ᠲᠤᠬᠠᠶ ᠵᠠᠷᠯᠠᠨ ᠮᠡᠳᠡᠭᠳᠡᠬᠦ᠂ ᠵᠠᠰᠠᠭ ᠵᠠᠬᠢᠷᠭᠠᠨ ᠤ ᠰᠢᠢᠳᠬᠡᠯ ᠤᠨ ᠲᠠᠰ ᠳᠠᠷᠠᠭᠠᠯᠠᠯ᠂ ᠬᠡᠷᠡᠭ ᠢ ᠦᠢᠯᠡᠳᠬᠦ ᠶᠢ ᠪᠠᠷᠢᠮᠵᠢᠶᠠᠵᠢᠭᠤᠯᠬᠤ ᠵᠡᠷᠭᠡ ᠬᠡᠷᠡᠭ  ᠰᠢᠢᠤᠡᠪᠤᠷᠢᠯᠡᠬᠦ ᠶᠠᠪᠤᠴᠠ ᠳᠤ ᠨᠠᠷᠢᠨ ᠲᠠᠶᠢᠯᠤᠮᠵᠢ ᠬᠢᠪᠠ︔ ᠠᠯᠪᠠᠨ ᠬᠡᠷ ᠤᠨ ᠳᠡᠳ᠋ ᠡᠷᠬᠢᠯᠡᠭᠴᠢ ᠨᠢᠶᠧ ᠰᠢᠶᠤᠤ ᠨᠢᠩ ᠬᠡᠷᠡᠭ ᠢ ᠲᠠᠩᠰᠠ ᠡᠪᠬᠡᠮᠡᠯ ᠳᠤ ᠣᠷᠣᠭᠤᠯᠬᠤ ᠶᠢ ᠪᠠᠷᠢᠮᠵᠢᠶᠠᠵᠢᠭᠤᠯᠬᠤ ᠳᠤᠮᠳᠠ ᠪᠠᠶᠢᠩᠭᠤ ᠲᠣᠬᠢᠶᠠᠯᠳᠤᠬᠤ ᠠᠰᠠᠭᠤᠳᠠᠯ ᠵᠢᠴᠢ ᠠᠩᠬᠠᠷᠬᠤ  ᠵᠦᠢᠯᠡᠰ ᠲᠤ ᠨᠠᠷᠢᠨ ᠲᠣᠳᠣᠷᠬᠠᠶᠢᠯᠠᠯᠲᠠ ᠬᠢᠪᠠ᠃ ᠲᠣᠰ ᠤᠳᠠᠭᠠᠨ ᠤ ᠪᠣᠯᠪᠠᠰᠤᠷᠠᠯ ᠨᠢ ᠬᠠᠤᠯᠢ ᠬᠡᠷᠡᠭᠵᠢᠭᠦᠯᠬᠦ ᠪᠣᠳᠠᠲᠤ ᠪᠠᠶᠢᠳᠠᠯ ᠲᠠᠢ ᠨᠡᠶᠢᠴᠡᠵᠦ᠂ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠭᠦᠨᠵᠡᠭᠡᠶ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠵᠤ᠂ ᠬᠤᠶᠢᠰᠢᠳᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠤᠨ ᠠᠵᠢᠯ ᠤᠨ ᠰᠡᠳᠬᠢᠮᠵᠢ ᠪᠠᠨ ᠲᠣᠳᠣᠷᠬᠠᠶ ᠪᠣᠯᠭᠠᠵᠤ᠂ ᠬᠠᠷᠠᠭ᠎ᠠ ᠪᠠᠨ ᠥᠷᠭᠡᠳᠬᠡᠬᠦ ᠵᠢᠴᠢ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠪᠠ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠤᠨ ᠲᠤᠬᠠᠶ ᠲᠠᠨᠢᠯᠲᠠ ᠪᠠ ᠣᠶᠢᠯᠠᠭᠠᠯᠲᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠰᠠᠭ ᠵᠠᠬᠢᠷᠭᠠᠨ ᠤ ᠰᠢᠢᠳᠬᠡᠯ ᠢ ᠬᠡᠷᠬᠢᠨ ᠵᠢᠷᠤᠮᠵᠢᠭᠤᠯᠤᠨ ᠬᠡᠷᠡᠭᠵᠢᠭᠦᠯᠬᠦ ᠶᠢ ᠡᠵᠡᠮᠰᠢᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠨᠢ ᠳᠡᠭᠡᠭᠰᠢᠯᠡᠭᠦᠯᠦᠨ᠂ ᠨᠠᠩ ᠰᠠᠶᠢᠨ ᠨᠢᠭᠡᠳᠦᠭᠡᠷ ᠹᠷᠣᠨᠲ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠣᠨᠣᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ ᠲᠣᠭᠤᠷᠢᠨ ᠳᠤ ᠦᠷᠭᠦᠯᠵᠢᠯᠡᠨ ᠰᠤᠷᠤᠯᠴᠠᠯᠭ᠎ᠠ ᠪᠣᠯᠪᠠᠰᠤᠷᠠᠯ ᠥᠷᠨᠢᠭᠦᠯᠦᠨ᠎ᠡ᠃ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠷ ᠳᠠᠮᠵᠢᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠠᠮᠵᠢᠯᠲᠠ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠬᠡᠪ ᠰᠤᠷᠲᠠᠯ ᠢᠶᠠᠷ ᠴᠢᠩᠭ᠎ᠠ᠂ ᠰᠠᠬᠢᠯᠭ᠎ᠠ ᠪᠠᠲᠤ ᠴᠢᠩᠭ᠎ᠠ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠪᠠᠨ ᠬᠦᠴᠦᠯᠡᠨ ᠪᠠᠶᠢᠭᠤᠯᠬᠤ ᠬᠡᠷᠡᠭᠲᠡᠶ᠃

1692175950692075550.jpg

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号