ᠬᠠᠶᠢᠷᠤᠪ ᠤᠨ ᠲᠣᠬᠤᠢ ᠶᠢᠨ ᠡᠨᠡ ᠤᠳᠠᠭᠠᠨ ᠤ ᠠᠵᠢᠯᠯᠠᠭ᠎ᠠ ᠭᠤᠶᠢᠳᠠ ᠰᠠᠶᠢᠬᠠᠨ ᠪᠠᠶᠢᠨ᠎ᠠ︕
ᠨᠡᠶᠢᠲᠡᠯᠡᠭᠰᠡᠨ ᠴᠠᠭ᠄
2023/8/3
      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠲᠠᠮᠢᠷ ᠤᠨ ᠴᠡᠴᠡᠷᠯᠢᠭ ᠤᠨ ᠡᠮᠦᠨ᠎ᠡ ᠲᠠᠯ᠎ᠠ ᠶᠢᠨ ᠠᠭᠤᠳᠠᠮ ᠲᠠᠯᠠᠪᠠᠶ ᠳᠤ ᠶᠠᠪᠤᠭᠳᠠᠪᠠ᠃
640.jpg     
      ᠤᠷᠠᠨ ᠰᠠᠶᠢᠬᠠᠨ ᠤ ᠲᠣᠭᠯᠠᠯᠲᠠ ᠨᠢ ᠰᠦᠷ ᠳᠠᠯᠠᠶᠢᠴᠠᠲᠠᠢ ᠨᠠᠶᠢᠷᠠᠯ ᠳᠠᠭᠤᠤ ︽ᠬᠠᠶᠢᠷᠤᠪ ᠤᠨ ᠲᠤᠬᠤᠢ︾᠂ ︽ᠰᠡᠷᠭᠦᠨ ᠮᠠᠨᠳᠤᠯᠲᠠ ᠶᠢᠨ ᠬᠦᠴᠦᠨ︾ ᠳᠤᠮᠳᠠ ᠬᠥᠰᠢᠭᠡ ᠪᠠᠨ ᠰᠡᠬᠦᠵᠦ᠂ ᠳᠠᠭᠤᠤ ᠬᠥᠭᠵᠢᠮ ᠤᠨ ᠴᠠᠷᠭᠢᠯ ᠬᠤᠯᠪᠣᠭ᠎ᠠ ︽ᠨᠠᠮ ᠤᠨ ᠲᠡᠦᠬᠡ ᠶᠢ ᠡᠷᠭᠢᠴᠡᠭᠦᠯᠵᠦ ᠨᠠᠮ ᠤᠨ ᠠᠴᠢ ᠶᠢ ᠲᠡᠮᠳᠡᠭᠯᠡᠶ᠎ᠡ︾ ᠭᠡᠬᠦ ᠤᠶᠢᠷ᠎ᠠ ᠶᠢᠨ ᠵᠢᠯ ᠤᠨ ᠲᠤᠷᠰᠢᠬᠢ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ᠂ ᠨᠤᠲᠤᠭ ᠤᠨ ᠬᠤᠪᠢᠷᠠᠯᠲᠠ ᠶᠢ ᠴᠠᠷᠭᠢᠯ ᠬᠤᠯᠪᠣᠭ᠎ᠠ ᠳᠤ ᠠᠭᠤᠰᠤᠯᠴᠠᠭᠤᠯᠵᠤ᠂ ᠨᠠᠮ ᠤᠨ ᠰᠠᠶᠢᠨ ᠳᠠᠭᠤᠨ ᠢ ᠲᠦᠭ ᠲᠦᠮᠡᠨ ᠠᠶᠢᠯ ᠡᠷᠦᠭᠡ ᠳᠤ ᠳᠠᠮᠵᠢᠭᠤᠯᠪᠠ︔ ᠪᠠᠭᠠᠴᠤᠳ ᠬᠡᠦᠬᠡᠳ ᠤᠨ ᠪᠥᠵᠢᠭ᠂ ᠰᠢᠯᠦᠭ ᠤᠶᠠᠩᠭᠠᠯᠠᠬᠤ᠂ ᠡᠷᠡᠭᠲᠡᠢ ᠶᠢᠨ ᠨᠠᠶᠢᠷᠠᠯ ᠳᠠᠭᠤᠤ᠂ ᠪᠡᠭᠡᠵᠢᠩ ᠵᠦᠴᠦᠭᠡ᠂ ᠰᠠᠺᠧᠽᠠ ᠬᠥᠭᠵᠢᠮ᠂ ᠡᠷᠡᠭᠲᠡᠢ ᠡᠮᠡᠭᠲᠡᠢ ᠶᠢᠨ ᠨᠠᠶᠢᠷᠠᠯ ᠳᠠᠭᠤᠤ ᠵᠡᠷᠭᠡ ᠲᠣᠭᠯᠠᠯᠲᠠ ᠭᠤᠶᠢᠳᠠ ᠰᠠᠶᠢᠬᠠᠨ ᠪᠠᠶᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠬᠠᠮᠤᠭ ᠤᠨ ᠡᠴᠦᠰ ᠤᠨ ᠲᠣᠭᠯᠠᠯᠲᠠ ᠨᠢ ︽ᠴᠡᠷᠢᠭ ᠤᠨ ᠬᠥᠮᠦᠨ ᠤ ᠮᠥᠨ ᠴᠢᠨᠠᠷ︾ ᠭᠡᠬᠦ ᠨᠠᠶᠢᠷᠠᠯ ᠳᠠᠭᠤᠤ ᠶᠢᠨ ᠳᠤᠮᠳᠠ ᠥᠨᠳᠥᠷᠯᠡᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠬᠥᠮᠦᠨ ᠢ ᠬᠦᠨᠳᠦᠳᠬᠡᠬᠦ ᠭᠦᠨ ᠵᠤᠵᠠᠭᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠪᠠ ᠤᠯᠤᠰ ᠤᠨ ᠬᠠᠶᠢᠷ᠎ᠠ ᠬᠠᠯᠠᠮᠵᠢ ᠳᠣᠤᠷ᠎ᠠ ᠂ ᠰᠠᠭᠤᠭᠠᠯᠢ ᠠᠷᠠᠳ ᠵᠣᠯ ᠵᠢᠷᠭᠠᠯ ᠲᠡᠭᠦᠯᠳᠡᠷ᠂ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠶ ᠠᠮᠢᠳᠤᠷᠠᠯ ᠤᠨ ᠰᠠᠶᠢᠨ ᠰᠠᠶᠢᠬᠠᠨ ᠳᠦᠷᠰᠦ ᠪᠠᠶᠢᠳᠠᠯ ᠢ ᠢᠯᠡᠷᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠪᠣᠯᠵᠠᠶ᠃      ᠲᠣᠰ ᠤᠳᠠᠭᠠᠨ ᠤ ᠠᠵᠢᠯᠯᠠᠭ᠎ᠠ ᠶᠢ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠬᠤᠷᠢᠶ᠎ᠠ ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠤᠤᠯᠯᠠᠨ ᠡᠷᠬᠢᠯᠡᠵᠦ᠂ ᠦᠬᠠᠶ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠦᠬᠠᠶ ᠬᠤᠲᠠ ᠶᠢᠨ ᠤᠭ ᠰᠠᠨᠠᠭ᠎ᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠪᠢᠨ ᠾᠧ ᠨᠡᠶᠢᠭᠡᠮ ᠲᠣᠭᠤᠷᠢᠭ ᠳᠠᠭᠠᠭᠠᠴᠢᠯᠠᠨ ᠡᠷᠬᠢᠯᠡᠪᠡ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号