ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠨᠡ ᠬᠦ ᠪᠣᠯᠪᠠᠰᠤᠷᠠᠯ ᠨᠢ ᠰᠣᠨᠢᠷᠬᠠᠯᠲᠠᠢ᠂ ᠮᠠᠲ᠋ᠧᠷᠢᠶᠠᠯ ᠲᠠᠢ᠂ ᠥᠨᠳᠥᠷ ᠪᠦᠲᠦᠮᠵᠢᠲᠡᠶ
ᠨᠡᠶᠢᠲᠡᠯᠡᠭᠰᠡᠨ ᠴᠠᠭ᠄
2023/8/30
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ︾᠎ ᠢ ᠳᠡᠯᠭᠡᠷᠡᠭᠦᠯᠦᠨ ᠬᠡᠷᠡᠭᠯᠡᠬᠦ ᠠᠵᠢᠯ ᠢ ᠭᠦᠨᠵᠡᠭᠡᠢ ᠥᠷᠨᠢᠭᠦᠯᠬᠦ ᠶᠢ ᠦᠨᠡᠨ ᠬᠦ ᠲᠦᠯᠬᠢᠨ ᠠᠬᠢᠭᠤᠯᠬᠤ ᠶᠢᠨ ᠲᠥᠯᠥᠭᠡ ᠂ 8 ᠰᠠᠷ᠎ᠠ ᠶᠢᠨ 25᠎ ᠤ ᠡᠳᠦᠷ ᠠᠴᠠ ᠡᠬᠢᠯᠡᠨ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2023 ᠣᠨ ᠳᠤ ᠰᠢᠨ᠎ᠡ ᠪᠠᠷ ᠤᠷᠢᠭᠰᠠᠨ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ︽ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ︾᠎ ᠤᠨ ᠬᠡᠷᠡᠭᠯᠡᠯᠲᠡ ᠶᠢᠨ ᠬᠠᠮᠢᠶ᠎ᠠ ᠪᠥᠬᠦᠶ ᠠᠭᠤᠯᠭ᠎ᠠ ᠶᠢ 2023 ᠣᠨ ᠳᠤ ᠰᠢᠨ᠎ᠡ ᠪᠠᠷ ᠠᠵᠢᠯ ᠳᠤ ᠤᠷᠤᠭᠰᠠᠨ ᠪᠠᠭᠰᠢ ᠶᠢᠨ ᠪᠣᠯᠪᠠᠰᠤᠷᠠᠯ ᠳᠤ ᠣᠷᠣᠭᠤᠯᠤᠨ᠎ᠠ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠨᠡᠶᠢᠲᠡ 170 ᠪᠠᠭᠰᠢ ᠣᠷᠣᠯᠴᠠᠵᠤ᠂ ᠪᠣᠯᠪᠠᠰᠤᠷᠠᠯ ᠨᠢ ᠬᠠᠶᠢᠷᠤᠪ ᠤᠨ ᠲᠣᠬᠤᠶ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠵᠠᠶᠠᠭ᠎ᠠ ᠳᠡᠳ᠋ ᠵᠠᠬᠢᠷᠤᠯ ᠢ ᠤᠷᠢᠵᠤ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠬᠤᠶ ᠪᠠᠶᠢᠳᠠᠯ᠂ ᠲᠠᠪᠴᠠᠩ ᠤᠨ ᠡᠬᠢ ᠪᠠᠶᠠᠯᠢᠭ᠂ ᠲᠠᠪᠴᠠᠩ ᠤᠨ ᠬᠡᠷᠡᠭᠯᠡᠯᠲᠡ᠂ ᠬᠡᠷᠡᠭᠯᠡᠭᠡᠨ ᠤ ᠵᠠᠭᠪᠤᠷ᠂ ᠲᠠᠪᠴᠠᠩ ᠤᠨ ᠴᠢᠳᠠᠮᠵᠢ᠂ ᠬᠢᠴᠢᠶᠡᠯ ᠤᠨ ᠵᠢᠭᠠᠨ ᠰᠤᠷᠭᠠᠯᠲᠠ᠂ ᠰᠢᠨ᠎ᠡ ᠪᠠᠷ ᠨᠡᠮᠡᠭᠳᠡᠭᠦᠯᠬᠦ ᠴᠢᠳᠠᠮᠵᠢ᠂ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠵᠡᠷᠭᠡ ᠪᠠᠶᠢᠩᠭᠤ ᠬᠡᠷᠡᠭᠯᠡᠬᠦ ᠴᠢᠳᠠᠮᠵᠢ ᠶᠢᠨ ᠲᠣᠭᠤᠷᠢᠨ ᠳᠤ ᠨᠠᠷᠢᠨ ᠨᠢᠭᠲᠠ ᠲᠠᠨᠢᠯᠴᠠᠭᠤᠯᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠰᠢᠨ᠎ᠡ ᠪᠠᠷ ᠠᠵᠢᠯ ᠳᠤ ᠤᠷᠤᠭᠰᠠᠨ ᠪᠠᠭᠰᠢ ᠶᠢᠨ ︽ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ︾᠎ ᠤᠨ ᠡᠯ᠎ᠡ ᠵᠦᠢᠯ ᠤᠨ ᠴᠢᠳᠠᠮᠵᠢ ᠶᠢᠨ ᠲᠤᠬᠠᠶ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠵᠣ᠂ ᠲᠠᠪᠴᠠᠩ ᠢ ᠬᠡᠷᠡᠭᠯᠡᠨ ᠬᠢᠴᠢᠶᠡᠯ ᠪᠡᠯᠡᠳᠬᠡᠬᠦ ᠵᠢᠴᠢ ᠡᠳᠦᠷ ᠲᠤᠲᠤᠮ ᠤᠨ ᠬᠡᠷᠡᠭᠯᠡᠭᠡᠨ ᠤ ᠲᠠᠪᠴᠠᠩ ᠤᠨ ᠡᠬᠢ ᠪᠠᠶᠠᠯᠢᠭ ᠲᠤ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠬᠢᠬᠦ ᠠᠷᠭ᠎ᠠ ᠶᠢ ᠡᠵᠡᠮᠰᠢᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠤᠯᠤᠰ ᠤᠨ ᠤᠶᠤᠨᠲᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠪᠴᠠᠩ ᠤᠨ ᠬᠠᠮᠢᠶ᠎ᠠ ᠪᠦᠬᠦᠢ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠲᠤᠰᠬᠠᠢ ᠰᠡᠳᠦᠪᠲᠦ ᠲᠠᠶᠢᠯᠤᠮᠵᠢ᠂ ᠬᠡᠷᠡᠭ ᠤᠨ ᠵᠢᠱᠢᠶ᠎ᠡ ᠶᠢ ᠬᠤᠪᠢᠶᠠᠯᠴᠠᠬᠤ᠂ ᠬᠡᠷᠡᠭᠯᠡᠭᠡᠨ ᠤ ᠲᠠᠶᠢᠯᠪᠤᠷᠢᠯᠠᠯᠲᠠ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠵᠤ᠂ ᠪᠦᠬᠦ ᠲᠤᠭᠤᠷᠢᠭ ᠤᠨ ᠡᠯ᠎ᠡ ᠰᠤᠷᠭᠠᠭᠤᠯᠢ ᠶᠢᠨ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨᠲᠤ ᠰᠤᠷᠭᠠᠨ ᠬᠥᠮᠦᠵᠢᠯ ᠤᠨ ᠲᠠᠪᠴᠠᠩ ᠤᠨ ᠡᠬᠢ ᠪᠠᠶᠠᠯᠢᠭ ᠪᠣᠯᠤᠨ ᠬᠡᠷᠡᠭᠯᠡᠭᠡᠨ ᠤ ᠲᠠᠯᠠᠪᠤᠷ ᠢ ᠭᠦᠨᠵᠡᠭᠡᠢ ᠰᠤᠷᠤᠯᠴᠠᠨ ᠡᠵᠡᠮᠰᠢᠬᠦ ᠶᠢ ᠲᠡᠰ ᠳᠠᠪᠬᠤᠷᠭ᠎ᠠ᠂ ᠤᠯᠠᠨ ᠬᠠᠷᠠᠭᠠᠰᠤ ᠠᠴᠠ ᠵᠢᠯᠣᠭᠤᠳᠴᠤ᠂ ᠮᠡᠳᠡᠭᠡ ᠵᠠᠩᠭᠢ ᠶᠢᠨ ᠮᠡᠷᠭᠡᠵᠢᠯ ᠪᠣᠯᠤᠨ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠠᠭᠰᠢ ᠶᠢᠨ ᠮᠡᠳᠡᠭᠡ ᠵᠠᠩᠭᠢ ᠶᠢᠨ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨᠲᠤ ᠰᠤᠷᠭᠠᠨ ᠬᠥᠮᠦᠵᠢᠯ ᠤᠨ ᠲᠠᠪᠴᠠᠩ ᠤᠨ ᠥᠪᠥᠷ ᠮᠣᠩᠭᠤᠯ ᠤᠨ ᠲᠤᠷᠰᠢᠯᠲᠠ ᠶᠢᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠨ ᠨᠡᠮᠡᠷᠢᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号