ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠲᠣᠭᠤᠷᠢᠭ ᠤᠨ ᠨᠡᠭᠦᠷᠡᠰᠦ ᠤᠬᠢᠶᠠᠵᠤ ᠰᠢᠯᠢᠨ ᠰᠣᠩᠭᠤᠬᠤ᠂ ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠵᠦ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/31
      ᠣᠶᠢᠷ᠎ᠠ ᠳᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠧᠩ ᠮᠢᠩ ᠯᠢᠨ ᠦᠨᠳᠦᠰᠦᠲᠡᠨ ᠤ ᠬᠠᠤᠯᠢ ᠲᠦᠷᠢᠮ ᠤᠨ ᠵᠥᠪᠯᠡᠯ ᠤᠨ ᠬᠤᠯᠪᠣᠭᠳᠠᠯ ᠪᠥᠬᠦᠶ ᠬᠥᠮᠦᠰ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ᠬᠠᠶᠢᠷᠤᠪ ᠤᠨ ᠲᠣᠬᠤᠶ ᠲᠣᠭᠤᠷᠢᠭ ᠤᠨ ᠨᠡᠭᠦᠷᠡᠰᠦ ᠤᠬᠢᠶᠠᠵᠤ ᠰᠣᠩᠭᠤᠬᠤ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠵᠦ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠶᠢᠨ ᠷᠦᠩ ᠪᠠᠢ ᠴᠤᠸᠠᠨ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠡᠮᠡᠭᠡᠲᠦ ᠠᠭᠤᠯᠠ ᠶᠢᠨ ᠠᠭᠤᠷᠬᠠᠢ ᠶᠢᠨ ᠣᠷᠣᠨ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠨᠡᠭᠦᠷᠡᠰᠦ ᠤᠬᠢᠶᠠᠬᠤ᠂ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠢ ᠪᠦᠬᠦ ᠲᠠᠯ᠎ᠠ ᠪᠠᠷ ᠣᠶᠢᠯᠠᠭᠠᠪᠠ᠃ ᠲᠠᠷᠠᠭ᠎ᠠ ᠨᠢ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠳᠤ ᠠᠵᠢᠯ ᠢᠶᠠᠨ ᠬᠡᠷᠬᠢᠨ ᠨᠡᠩ ᠰᠠᠶᠢᠲᠤᠷ ᠥᠷᠨᠢᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠤ ᠶᠠᠷᠢᠶ᠎ᠠ ᠲᠠᠯᠪᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠶᠠᠪᠤᠳᠠᠯ ᠢ ᠰᠠᠶᠢᠲᠤᠷ ᠬᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠡᠭᠦᠷᠡᠰᠦ ᠰᠢᠯᠢᠬᠦ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠠᠵᠢᠯ ᠤᠨ ᠲᠠᠯ᠎ᠠ ᠪᠠᠷ ᠡᠷᠬᠡᠪᠰᠢ ᠣᠪᠣᠷ ᠤᠨ ᠲᠠᠯ᠎ᠠ ᠪᠠᠷ ᠳᠠᠬᠢᠨ ᠡᠷᠡᠰ ᠰᠢᠭᠤᠷᠬᠠᠶ᠂ ᠠᠵᠢᠯᠯᠠᠭ᠎ᠠ ᠶᠢᠨ ᠲᠠᠯ᠎ᠠ ᠪᠠᠷ ᠤᠯᠠᠮ ᠲᠦᠷᠭᠡᠨ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨ ᠬᠦᠴᠦᠯᠡᠵᠦ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠵᠢᠯ ᠲᠦᠷᠦᠯ ᠤᠨ ᠬᠠᠮᠤᠭ ᠤᠨ ᠥᠨᠳᠥᠷ ᠪᠠᠷᠢᠮᠵᠢᠶ᠎ᠠ ᠶᠣᠰᠣᠭᠠᠷ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠶᠠᠪᠤᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠲᠡᠬᠡᠨ ᠦᠢᠯᠡᠳᠪᠦᠷᠢᠯᠡᠯ ᠳᠤ ᠣᠷᠣᠭᠤᠯᠤᠨ ᠦᠷ᠎ᠡ ᠪᠦᠲᠦᠮᠵᠢ ᠣᠯᠵᠤ᠂ ᠤᠬᠢᠶᠠᠵᠤ ᠰᠣᠩᠭᠤᠬᠤ᠂ ᠡᠳ᠋ᠰᠢᠭᠦᠯᠬᠦ᠂ ᠬᠠᠳᠠᠭᠠᠯᠠᠬᠤ ᠪᠠ ᠲᠤᠬᠢᠷᠠᠭᠤᠯᠤᠨ ᠬᠦᠷᠭᠡᠬᠦ ᠶᠢ ᠪᠡᠶᠡᠯᠡᠭᠦᠯᠵᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠤᠷᠳᠤ ᠬᠤᠭᠤᠴᠠᠭ᠎ᠠ ᠪᠠᠷ ᠪᠣᠳᠠᠲᠠᠢ ᠪᠥᠭᠡᠳ ᠨᠠᠷᠢᠯᠢᠭ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠰᠣ ᠰᠢᠷᠣᠢ ᠶᠢᠨ ᠪᠣᠬᠢᠷᠲᠤᠯ ᠢ ᠪᠠᠭᠠᠰᠬᠠᠵᠤ᠂ ᠦᠢᠯᠡᠳᠪᠦᠷᠢᠯᠡᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ ᠲᠦᠷᠪᠡ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠳᠤᠷᠢᠳᠬᠤ ᠺᠠᠳ᠋ᠷ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠨᠡᠭᠦᠷᠡᠰᠦ ᠤᠬᠢᠶᠠᠬᠤ᠂ ᠠᠭᠤᠷᠬᠠᠢ ᠶᠢᠨ ᠠᠵᠤ ᠠᠬᠤᠶᠢᠯᠠᠯ ᠤᠨ ᠲᠤᠬᠠᠢ ᠲᠠᠨᠢᠬᠤ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠳᠠᠯᠢ ᠪᠤᠰᠤ ᠬᠡᠯᠪᠡᠷᠢ ᠪᠠᠷ ᠳᠠᠮᠵᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠶᠢᠷᠢᠯᠠᠭᠤᠯᠤᠯᠲᠠ ᠶᠢᠨ ᠠᠵᠢᠯ ᠤᠨ ᠵᠣᠷᠢᠯᠭ᠎ᠠ᠂ ᠡᠭᠦᠷᠭᠡ ᠪᠣᠯᠤᠨ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠡᠨᠡᠬᠦ ᠠᠵᠢᠯ ᠢ ᠡᠷᠡᠰ ᠭᠤᠶᠢᠪᠢᠰᠢ ᠦᠭᠡᠶ ᠪᠠᠷ ᠰᠠᠶᠢᠲᠤᠷ ᠠᠳᠬᠤᠵᠤ ᠪᠣᠳᠠᠲᠠᠶ ᠠᠳᠬᠤᠬᠤ ᠬᠡᠷᠡᠭᠲᠡᠶ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号