ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ —ᠴᠡᠭᠡᠯ ᠠᠭᠤᠯᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/6
      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠲᠥᠯᠥᠭᠡᠯᠡᠭᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 27᠎ ᠤ ᠡᠳᠦᠷ᠂ ᠴᠡᠭᠡᠯ ᠠᠭᠤᠯᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠬᠠᠢ ᠷᠦᠩ ᠲᠣᠭᠤᠷᠢᠭ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ ᠴᠡᠭᠡᠯ ᠠᠭᠤᠯᠠ ᠪᠠᠯᠭᠠᠰᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠪᠠᠶᠢᠴᠠᠭᠠᠨ ᠰᠤᠳᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠬᠤ ᠪᠠᠷ ᠳᠠᠮᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠬᠥᠭᠵᠢᠭᠦᠯᠬᠦ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠪᠠ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠷᠢᠳ ᠬᠤᠵᠢᠳ ᠪᠠᠶᠠᠨᠤᠰᠤ ᠲᠣᠰᠬᠤᠨ ᠤ ︽ᠬᠥᠷᠰᠢ ᠰᠠᠭᠠᠬᠠᠯᠲᠠ︾᠎ ᠶᠢᠨ ᠰᠡᠯᠡᠭᠦᠴᠡᠯ ᠤᠨ ᠲᠠᠷᠢᠶᠠᠯᠠᠩ ᠤᠨ ᠲᠠᠯᠠᠪᠠᠢ᠂ ᠰᠢᠨ ᠳ᠋ᠢ ᠲᠣᠰᠬᠤᠨ ᠤ ᠢᠳᠡᠭᠡᠨ ᠪᠣᠯᠪᠠᠰᠤᠷᠠᠭᠤᠯᠬᠤ ᠦᠢᠯᠡᠳᠪᠦᠷᠢ᠂ ᠬᠠᠶᠠᠭᠳᠠᠮᠠᠯ ᠮᠠᠰᠢᠨ ᠲᠡᠷᠭᠡ ᠶᠢ ᠵᠠᠳᠠᠯᠵᠤ ᠰᠢᠢᠳᠪᠦᠷᠢᠯᠡᠬᠦ ᠰᠠᠭᠤᠷᠢᠨ ᠭᠠᠵᠠᠷ ᠵᠢᠴᠢ ᠲᠤᠸᠠᠨ ᠵᠢᠶᠧ ᠰᠢᠨ᠎ᠡ ᠲᠣᠰᠬᠤᠨ ᠤ ᠹᠦ᠋ ᠬᠠᠢ ᠵᠤᠭᠠᠴᠠᠯ ᠤᠨ ᠲᠠᠷᠢᠶᠠᠯᠠᠩ ᠤᠨ ᠬᠦᠷᠢᠶᠡᠯᠡᠩ ᠳᠤ ᠬᠦᠷᠴᠦ᠂ ᠲᠠᠷᠢᠮᠠᠯ ᠤᠨ ᠦᠢᠯᠡᠳᠪᠦᠷᠢᠯᠡᠯ ᠤᠨ ᠬᠡᠪᠴᠢᠶ᠎ᠡ ᠪᠣᠯᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠠᠵᠢᠯᠯᠠᠭᠠᠨ ᠤ ᠵᠠᠭᠪᠤᠷ᠂ ᠪᠤᠢ ᠪᠣᠯᠤᠭᠰᠠᠨ ᠠᠰᠢᠭ ᠣᠷᠣᠯᠭ᠎ᠠ ᠶᠢᠨ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠥᠪᠯᠡᠭᠡ ᠵᠡᠷᠭᠡ ᠶᠢ ᠨᠠᠷᠢᠨ ᠬᠢᠨᠠᠮᠠᠭᠠᠢ ᠰᠣᠨᠣᠰᠴᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠨᠢ ᠨᠡᠩ ᠭᠦᠨᠵᠡᠭᠡᠢ ᠣᠶᠢᠯᠠᠭᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠥᠯᠥᠭᠡᠯᠡᠭᠴᠢᠳ ᠡᠯ᠎ᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠨᠡᠪᠲᠡᠷᠡᠯᠴᠡᠨ ᠰᠣᠯᠢᠯᠴᠠᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠪᠤᠵᠠᠭᠠᠶᠢᠷᠠᠭᠤᠯᠤᠭᠠᠳ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ ᠳᠤᠷᠠᠳᠪᠠ᠂ ᠨᠢᠭᠡ ᠳᠤ᠂ ᠪᠦᠲᠦᠭᠡᠭᠳᠡᠬᠦᠨ ᠤ ᠥᠷᠲᠡᠭ ᠢ ᠳᠡᠭᠡᠭᠰᠢᠯᠡᠭᠦᠯᠵᠦ᠂ ᠭᠦᠨᠵᠡᠭᠡᠶ ᠡᠳ᠋ᠰᠢᠭᠦᠯᠬᠦ᠂ ᠰᠢᠨ᠎ᠡ ᠲᠥᠷᠥᠯ ᠵᠦᠢᠯ ᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠲᠡᠭᠦᠬᠦ᠂ ᠲᠣᠭᠤᠷᠢᠨ ᠵᠤᠭᠠᠴᠠᠬᠤ ᠵᠡᠷᠭᠡ ᠦᠢᠯᠡᠴᠢᠯᠡᠭᠡᠨ ᠤ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠬᠤᠶᠠᠷ ᠲᠤ᠂ ᠠᠯᠤᠰ ᠬᠡᠳᠦ ᠳᠤ ᠰᠠᠭᠤᠷᠢᠯᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠵᠤ᠂ ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠬᠤ ᠶᠢ ᠵᠣᠷᠢᠭᠵᠢᠭᠤᠯᠵᠤ᠂ ᠮᠡᠷᠭᠡᠵᠢᠯ ᠤᠨ ᠴᠢᠨᠠᠷᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠣᠷᠣᠯᠭ᠎ᠠ ᠶᠢ ᠡᠭᠦᠳᠬᠦ ᠶᠢ ᠳᠠᠶᠢᠴᠢᠯᠠᠬᠤ ᠬᠡᠷᠡᠭᠲᠡᠢ᠃ ᠭᠤᠷᠪᠠ ᠳᠤ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠲᠣᠰᠬᠤᠨ ᠤ ᠠᠷᠠᠳ ᠨᠢᠭᠡᠪᠦᠷᠢ ᠳᠤ ᠬᠠᠮᠤᠭ ᠤᠨ ᠶᠡᠭᠡ ᠬᠡᠮᠵᠢᠶ᠎ᠡ ᠪᠠᠷ ᠬᠦᠷᠲᠡᠭᠡᠵᠦ᠂ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠣᠯᠠᠨ ᠲᠦᠮᠡᠨ ᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号