ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ 2023 ᠣᠨ ᠤ ᠨᠠᠮ ᠤᠨ ᠠᠵᠢᠯ ᠤᠨ ᠠᠵᠢᠯᠳᠠᠨ ᠤ ᠨᠠᠮ ᠤᠨ ᠪᠠᠶᠢᠭᠤᠯᠤᠯᠲᠠ ᠶᠢᠨ ᠪᠣᠳᠠᠲᠤ ᠶᠠᠪᠤᠳᠠᠯ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/8/7
      8 ᠰᠠᠷ᠎ᠠ ᠶᠢᠨ 2᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ 2023 ᠣᠨ ᠤ ᠨᠠᠮ ᠤᠨ ᠠᠵᠢᠯ ᠤᠨ ᠠᠵᠢᠯᠳᠠᠨ ᠤ ᠨᠠᠮ ᠤᠨ ᠪᠠᠶᠢᠭᠤᠯᠤᠯᠲᠠ ᠶᠢᠨ ᠪᠣᠳᠠᠲᠤ ᠶᠠᠪᠤᠳᠠᠯ ᠤᠨ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠳᠠᠨ ᠨᠡᠶᠢᠳᠡ 200 ᠭᠠᠷᠤᠢ ᠬᠥᠮᠦᠨ ᠬᠤᠷᠠᠯ ᠳᠤ ᠣᠷᠣᠯᠴᠠᠪᠠ᠃
8.7.jpg
           ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠤᠷᠢᠵᠤ ᠨᠠᠮ ᠤᠨ ᠡᠭᠦᠷ ᠤᠨ ᠠᠵᠢᠯ ᠤᠨ ᠲᠦᠷᠢᠮ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ᠂ ᠨᠠᠮ ᠤᠨ ᠭᠡᠰᠢᠭᠦᠨ ᠡᠯᠰᠡᠬᠦ ᠶᠠᠪᠤᠴᠠ ᠵᠢᠴᠢ ᠨᠠᠮ ᠤᠨ ᠰᠦᠢᠳᠬᠡᠯ ᠢ ᠬᠤᠷᠢᠶᠠᠬᠤ ᠵᠡᠷᠭᠡ ᠨᠠᠮ ᠤᠨ ᠪᠠᠶᠢᠭᠤᠯᠤᠯᠲᠠ ᠶᠢᠨ ᠪᠣᠳᠠᠲᠤ ᠶᠠᠪᠤᠳᠠᠯ ᠤᠨ ᠠᠭᠤᠯᠭ᠎ᠠ ᠶᠢᠨ ᠲᠣᠭᠤᠷᠢᠨ ᠳᠤ ᠵᠢᠭᠠᠨ ᠰᠤᠷᠭᠠᠯᠲᠠ ᠬᠢᠯᠭᠡᠪᠡ᠃      ᠡᠭᠦᠨ ᠤ ᠬᠠᠮᠲᠤ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ︽ᠨᠠᠮ ᠤᠨ ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︿ᠰᠠᠨᠠᠭᠤᠯᠤᠮᠵᠢ ᠶᠢᠨ ᠵᠠᠬᠢᠳᠠᠯ﹀︾ ᠪᠠᠭᠤᠯᠭᠠᠵᠤ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠢᠭᠡᠳᠦᠭᠡᠷ ᠬᠠᠷᠢᠭᠤᠴᠠᠯᠭᠠᠲᠠᠨ︾᠎ ᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠶᠢᠴᠠᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠨᠠᠷᠢᠨ ᠳᠠᠩᠰᠠ ᠶᠢ ᠪᠠᠶᠢᠭᠤᠯᠵᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠠᠵᠢᠯ ᠤᠨ ᠬᠠᠷᠠᠯᠲᠠ ᠪᠣᠯᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠭᠤᠤᠯᠳᠠᠯᠭ᠎ᠠ ᠲᠠᠢ᠂ ᠬᠠᠷᠠᠯᠲᠠ ᠲᠠᠢ ᠪᠠᠷ ᠠᠵᠢᠯ ᠢᠶᠠᠨ ᠥᠷᠨᠢᠭᠦᠯᠵᠦ᠂ ᠵᠦᠢᠯ ᠳᠠᠷᠠᠭᠠᠯᠠᠨ ᠳᠤᠲᠠᠭᠤᠳᠠᠯ ᠢᠶᠠᠨ ᠨᠥᠬᠦᠪᠥᠷᠢᠯᠡᠵᠦ᠂ ᠤᠳᠠᠯ ᠥᠬᠡᠶ ᠥᠷᠨᠢᠭᠦᠯᠬᠦ ᠭᠡᠵᠦ ᠪᠠᠶᠢᠭ᠎ᠠ ᠭᠤᠤᠯ ᠰᠡᠳᠦᠪᠲᠦ ᠬᠥᠮᠦᠵᠢᠯ ᠳᠤ ᠰᠠᠶᠢᠲᠤᠷ ᠰᠠᠭᠤᠷᠢ ᠲᠠᠯᠪᠢᠵᠤ᠂ ᠪᠥᠬᠦ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠲᠠᠨ ᠤ ᠰᠢᠨ᠎ᠡ ᠰᠡᠳᠬᠢᠮᠵᠢ ᠶᠢ ᠤᠯᠠᠮ ᠨᠢᠭᠡ ᠠᠯᠬᠤᠮ ᠥᠷᠭᠡᠳᠬᠡᠵᠦ᠂ ᠲᠡᠳᠡᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠨᠢ ᠤᠯᠠᠮ ᠨᠢᠭᠡ ᠠᠯᠬᠤᠮ ᠨᠡᠮᠡᠭᠳᠡᠭᠦᠯᠪᠡ᠃ ᠲᠡᠳᠡ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠰᠣᠷᠣᠭᠰᠠᠨ ᠮᠡᠳᠡᠯᠭᠡ ᠪᠠᠷ ᠢᠶᠠᠨ ᠠᠵᠢᠯ ᠤᠨ ᠦᠢᠯᠡᠳᠦᠯᠭᠡ ᠪᠠᠨ ᠭᠦᠢᠴᠡᠳ ᠵᠢᠯᠣᠭᠤᠳᠴᠤ᠂ ᠦᠨᠡᠨ ᠬᠦ ᠠᠵᠢᠯ ᠤᠨ ᠳᠡᠭᠡᠭᠰᠢᠯᠡᠯᠲᠡ ᠪᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号