ᠲᠥᠯᠥᠪᠦᠷᠢ ᠦᠭᠡᠢ ᠪᠠᠷ ᠴᠢᠰᠤ ᠡᠷᠭᠦᠬᠦ ᠪᠠ ᠴᠢᠰᠤ ᠪᠦᠲᠦᠭᠡᠬᠦ ᠭᠤᠣᠯ ᠡᠰ ᠬᠠᠨᠳᠢᠪᠯᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/8/9
      ᠲᠥᠯᠥᠪᠦᠷᠢ ᠦᠭᠡᠢ ᠪᠠᠷ ᠴᠢᠰᠤ ᠥᠭᠬᠦ ᠪᠠ ᠴᠢᠰᠤ ᠪᠦᠲᠦᠭᠡᠬᠦ ᠭᠤᠣᠯ ᠡᠰ ᠢ ᠬᠠᠨᠳᠢᠪᠯᠠᠬᠤ ᠪᠣᠯ ᠤᠯᠤᠰ ᠲᠤ ᠠᠰᠢᠭᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠮᠥᠨ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠠᠶᠢᠷ᠎ᠠ ᠬᠠᠯᠠᠮᠵᠢ ᠶᠢ ᠳᠠᠮᠵᠢᠭᠤᠯᠬᠤ᠂ ᠠᠮᠢ ᠨᠠᠰᠤ ᠶᠢ ᠠᠪᠤᠷᠠᠬᠤ ᠡᠷᠬᠢᠮ ᠳᠡᠭᠡᠳᠦ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠬᠤᠳᠠ ᠶᠢᠨ ᠪᠣᠯᠪᠠᠰᠤᠨ ᠤ ᠳᠠᠪᠰᠢᠯᠲᠠ ᠶᠢᠨ ᠴᠢᠬᠤᠯᠠ ᠪᠡᠯᠭᠡ ᠲᠡᠮᠳᠡᠭ ᠮᠥᠨ᠂ ᠵᠣᠬᠢᠬᠤ ᠨᠠᠰᠤᠨ ᠤ ᠡᠷᠡᠭᠦᠯ ᠢᠷᠭᠡᠨ ᠨᠢᠭᠡᠪᠦᠷᠢ ᠶᠢᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠪᠣᠳᠠᠲᠠᠢ ᠢᠯᠡᠷᠡᠯ ᠮᠥᠨ᠃      ᠠᠳᠡ ᠪᠢᠳᠡ ᠰᠠᠨᠠᠭᠠᠴᠢᠯᠠᠶ᠎ᠠ᠄ ᠪᠦᠬᠦ ᠨᠡᠶᠢᠭᠡᠮ ᠤᠨ ᠬᠠᠶᠢᠷ᠎ᠠ ᠬᠠᠯᠠᠮᠵᠢ ᠲᠠᠢ ᠬᠥᠮᠦᠰ ᠴᠥᠮ ᠢᠳᠡᠪᠬᠢᠲᠡᠶ ᠬᠥᠳᠡᠯᠦᠯᠴᠡᠵᠦ᠂ ᠭᠠᠷ ᠢᠶᠠᠨ ᠰᠤᠩᠭᠠᠵᠤ᠂ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠪᠣᠯᠤᠨ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠡᠩᠨᠡᠭᠡ ︵18 — 55 ᠨᠠᠰᠤᠨ ᠤ ᠡᠷᠡᠭᠦᠯ ᠴᠢᠭᠢᠷᠠᠭ ᠠᠷᠠᠳ ᠢᠷᠭᠡᠳ︶᠎ ᠳᠤ ᠢᠳᠡᠪᠬᠢᠲᠡᠢ ᠣᠷᠣᠯᠴᠠᠵᠤ᠂ ᠡᠷᠬᠢᠮ ᠨᠠᠨᠳᠢᠨ ᠠᠮᠢ ᠨᠠᠰᠤ ᠶᠢ ᠠᠪᠤᠷᠠᠬᠤ ᠶᠢ ᠰᠠᠨᠠᠭᠠᠴᠢᠯᠠᠶ᠎ᠠ︕       ᠬᠠᠶᠢᠷᠤᠪ ᠤᠨ ᠲᠤᠬᠤᠢ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠦᠬᠠᠢ ᠬᠤᠳᠠ ᠶᠢᠨ ᠭᠤᠣᠯ ᠴᠢᠰᠤᠨ ᠦᠷᠳᠡᠭᠡ ᠳᠤ ᠴᠢᠩ ᠰᠡᠳᠬᠢᠯ ᠠᠴᠠ ᠪᠠᠨ ᠴᠢᠰᠤ ᠬᠠᠨᠳᠢᠪᠯᠠᠬᠤ ᠵᠢᠴᠢ ᠴᠢᠰᠤ ᠪᠦᠳᠦᠭᠡᠬᠦ ᠭᠤᠣᠯ ᠡᠰ ᠢᠶᠠᠨ ᠬᠠᠨᠳᠢᠪᠯᠠᠬᠤ ᠦᠢᠯᠡᠰ ᠲᠤ ᠦᠵᠡᠭᠦᠯᠦᠭᠰᠡᠨ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕    ᠠᠵᠢᠯᠯᠠᠭ᠎ᠠ ᠶᠢᠨ ᠮᠡᠳᠡᠭᠳᠡᠯ᠄    ᠬᠠᠶᠢᠷᠤᠪ ᠤᠨ ᠲᠤᠬᠤᠢ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ 8 ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨᠡᠬᠢ 9 ᠴᠠᠭ ᠲᠤ ᠶᠤᠸᠠᠢ ᠰᠢᠩ ᠤᠨ ᠭᠡᠷ ᠤᠨ ᠡᠳ᠋ᠯᠡᠯ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ 2023 ᠣᠨ ᠳᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ᠂ ᠴᠢᠰᠤ ᠪᠦᠲᠦᠭᠡᠬᠦ ᠭᠤᠣᠯ ᠡᠰ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃      ᠬᠠᠶᠢᠷᠤᠪ ᠤᠨ ᠲᠣᠬᠤᠢ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄      0473—2059931      ᠦᠬᠠᠶ ᠬᠤᠲᠠ ᠶᠢᠨ ᠴᠢᠰᠤᠨ ᠤ ᠲᠥᠪ ᠥᠷᠲᠡᠭᠡ᠄      0473—2062675
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号