ᠪᠣᠯᠪᠠᠰᠤᠨ ᠨᠢᠭᠡᠴᠢ ᠶᠢ ᠡᠭᠦᠳᠦᠨ ᠪᠠᠢᠭᠤᠯᠬᠤ ᠰᠠᠨᠠᠭᠠᠴᠢᠯᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/9/12
ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠪᠦᠬᠦ ᠺᠠᠳ᠋ᠷ ᠠᠵᠢᠯᠲᠠᠨ ᠳᠤ᠄      ᠪᠥᠬᠦ ᠬᠤᠲᠠ ᠶᠢᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠪᠣᠯ ᠮᠠᠨ ᠤ ᠲᠣᠪᠴᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠴᠢᠬᠤᠯᠠ ᠬᠠᠷᠠᠯᠲᠠ ᠮᠥᠨ‌ᠣᠳᠣᠬᠠᠨ ᠳᠤ ᠶᠠᠭ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠴᠠᠭ ᠮᠥᠴᠡ ᠳᠤ ᠪᠠᠶᠢᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠪᠥᠬᠦ ᠲᠠᠯ᠎ᠠ ᠶᠢᠨ ᠺᠠᠳ᠋ᠷ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠰᠠᠭᠤᠷᠢᠯᠠᠨ ᠪᠥᠬᠦ ᠬᠤᠲᠠ ᠶᠢᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠶᠢᠨ ᠲᠥᠯᠥᠭᠡ ᠨᠢᠭᠡ ᠬᠤᠪᠢ ᠨᠡᠮᠡᠵᠦ᠂ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄      ᠨᠢᠭᠡ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠢ ᠰᠠᠨᠠᠭᠠᠴᠢᠯᠠᠬᠤ ᠬᠡᠷᠡᠭᠲᠡᠶ᠃ ᠪᠦᠬᠦ ᠲᠠᠯ᠎ᠠ ᠪᠠᠷ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠤᠨ ᠡᠵᠡᠨ ᠬᠥᠮᠦᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡᠬᠢ ᠶᠠᠪᠤᠳᠠᠯ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠰᠠᠨᠠᠭᠠᠴᠢᠯᠠᠭ᠎ᠠ ᠠᠴᠠ ᠪᠠᠨ ᠪᠣᠯᠪᠠᠰᠤᠨ ᠰᠢᠨ᠎ᠡ ᠰᠤᠷᠲᠠᠯ ᠢ ᠤᠬᠠᠭᠤᠯᠵᠤ᠂ ᠨᠢᠭᠡᠴᠡ ᠶᠢᠨ ᠲᠦᠷᠢ ᠲᠥᠷᠬᠦ ᠶᠢ ᠤᠬᠠᠮᠰᠠᠷ ᠠᠴᠠ ᠪᠠᠨ ᠬᠠᠮᠠᠭᠠᠯᠠᠵᠤ᠂ ᠪᠣᠯᠪᠠᠰᠤᠨ ᠦᠭᠡ ᠬᠡᠯᠡᠵᠦ᠂ ᠪᠣᠯᠪᠠᠰᠤᠨ ᠶᠠᠪᠤᠳᠠᠯ ᠬᠢᠵᠦ᠂ ᠪᠣᠯᠪᠠᠰᠤᠨ ᠬᠥᠮᠦᠨ ᠪᠣᠯᠵᠤ᠂ ᠬᠥᠮᠦᠨ ᠪᠦᠬᠦᠨ ᠪᠣᠳᠣᠯᠬᠢᠯᠠᠵᠤ᠂ ᠬᠥᠮᠦᠨ ᠪᠦᠬᠦᠨ ᠬᠢᠬᠦ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃      ᠬᠤᠶᠠᠷ᠂ ᠢᠳᠡᠪᠬᠢᠲᠡᠶ ᠬᠥᠳᠡᠯᠦᠯᠴᠡᠵᠦ᠂ ᠪᠣᠯᠪᠠᠰᠤᠨ ᠢ ᠢᠯᠡᠷᠡᠭᠦᠯᠬᠦ ᠬᠡᠷᠡᠭᠲᠡᠶ᠃ ᠪᠦᠬᠦ ᠲᠠᠯ᠎ᠠ ᠠᠴᠠ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠵᠦ᠂ ︽ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ︾᠎ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠯᠪᠠᠰᠤᠨ ᠶᠣᠰᠣᠯᠠᠯ ᠤᠨ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠨ ᠤᠯᠠᠮᠵᠢᠯᠠᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠵᠤ᠂ ᠬᠠᠭᠤᠴᠢᠨ ᠪᠦᠳᠦᠭᠦᠯᠢᠭ ᠵᠠᠩ ᠳᠠᠳᠬᠠᠯ ᠢ ᠡᠪᠳᠡᠵᠦ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠪᠣᠯᠪᠠᠰᠤᠨ ᠢ ᠢᠯᠡᠷᠡᠭᠦᠯᠬᠦ ᠬᠡᠷᠡᠭᠲᠡᠢ᠃      ᠭᠤᠷᠪᠠ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠪᠣᠯᠪᠠᠰᠤᠨ ᠢ ᠤᠶᠢᠯᠡᠳᠤᠯᠭᠡᠵᠢᠭᠦᠯᠬᠦ ᠬᠡᠷᠡᠭᠲᠡᠶ᠃ ᠪᠥᠬᠦ ᠲᠠᠯ᠎ᠠ ᠪᠠᠷ ᠳᠡᠭᠡᠳᠦ ᠳᠤᠤᠷᠠᠳᠤ ᠱᠠᠲᠤ ᠪᠠᠷ ᠢᠶᠠᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠦᠨᠡᠨᠴᠢ ᠢᠲᠡᠭᠡᠮᠵᠢᠲᠡᠶ ᠪᠠᠶᠢᠵᠤ᠂ ᠲᠥᠪ ᠭᠤᠤᠯᠴᠢ ᠪᠠᠷ ᠠᠵᠢᠯᠯᠠᠵᠤ᠂ ᠬᠠᠯᠠᠭᠤᠨ ᠰᠡᠳᠬᠢᠯᠭᠡ ᠪᠠᠷ ᠦᠢᠯᠡᠴᠢᠯᠡᠵᠦ᠂ ᠨᠡᠶᠢᠭᠡᠮ ᠳᠤ ᠬᠤᠪᠢ ᠨᠡᠮᠡᠷᠢ ᠦᠵᠡᠭᠦᠯᠵᠦ᠂ ᠮᠠᠨ ᠤ ᠲᠣᠪᠴᠢᠶ᠎ᠠ ᠪᠥᠬᠦ ᠬᠤᠲᠠ ᠶᠢᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠶ ᠣᠷᠣᠯᠴᠠᠵᠤ᠂ ᠠᠵᠢᠯ ᠬᠢᠵᠦ ᠦᠢᠯᠡᠰ ᠪᠤᠰᠬᠠᠬᠤ ᠬᠤᠰᠢᠭᠤᠴᠢ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠵᠢᠱᠢᠶᠡᠴᠢ᠂ ᠬᠠᠷᠠᠮ ᠥᠬᠡᠶ ᠵᠣᠷᠢᠭᠤᠯᠬᠤ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃      ᠳᠥᠷᠪᠡ᠂ ᠳᠦᠷᠢᠮ ᠢ ᠵᠢᠷᠤᠮᠯᠠᠨ ᠬᠠᠤᠯᠢ ᠶᠢ ᠰᠠᠬᠢᠵᠤ᠂ ᠪᠣᠯᠪᠠᠰᠤᠨ ᠢ ᠬᠠᠮᠠᠭᠠᠯᠠᠬᠤ ᠬᠡᠷᠡᠭᠲᠡᠶ᠃ ᠪᠦᠬᠦ ᠲᠠᠯ᠎ᠠ ᠪᠠᠷ ᠳᠡᠭᠡᠳᠦ ᠳᠣᠣᠷᠠᠳᠤ ᠱᠠᠲᠤ ᠪᠠᠷ ᠢᠶᠠᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠡᠯ᠎ᠡ ᠵᠦᠢᠯ ᠤᠨ ᠳᠦᠷᠢᠮ ᠲᠣᠭᠲᠠᠭᠠᠯ ᠪᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠵᠠᠩ ᠳᠠᠳᠬᠠᠯ ᠢ ᠤᠬᠠᠮᠰᠠᠷ ᠠᠴᠠ ᠪᠠᠨ ᠬᠠᠮᠠᠭᠠᠯᠠᠵᠤ᠂ ᠪᠣᠯᠪᠠᠰᠤᠨ ᠪᠤᠰᠤ ᠦᠭᠡ ᠶᠠᠷᠢᠶ᠎ᠠ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠵᠠᠯᠠᠷᠠᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠠᠵᠢᠯ ᠤᠨ ᠰᠤᠷᠲᠠᠯ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠤᠬᠠᠮᠰᠠᠷ ᠠᠴᠠ ᠪᠠᠨ ︽ᠲᠥᠪ ᠴᠢᠬᠡᠴᠢ᠂ ᠬᠤᠪᠢ ᠨᠡᠮᠡᠷᠢ ᠪᠠ ᠠᠷᠢᠭᠤᠨ ᠴᠢᠬᠡᠴᠢ︾ ᠪᠠᠶᠢᠬᠤ ᠶᠢ ᠪᠡᠶᠡᠯᠡᠭᠦᠯᠬᠦ ᠬᠡᠷᠡᠭᠲᠡᠶ᠃      ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠭᠦᠳᠦᠨ ᠪᠠᠶᠢᠭᠤᠯᠬᠤ ᠶᠢ ᠠᠳᠬᠤᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠶ᠎ᠡ᠃ ᠪᠢᠳᠡ ᠭᠠᠷ ᠬᠤᠯᠪᠣᠯᠴᠠᠨ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠦᠬᠦ ᠬᠤᠲᠠ ᠶᠢᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠵᠤ᠂ ᠪᠣᠯᠪᠠᠰᠤᠨ ᠢ ᠡᠭᠦᠳᠦᠨ ᠪᠠᠶᠢᠭᠤᠯᠤᠭᠰᠠᠨ ᠡᠯᠪᠡᠭ ᠦᠷ᠎ᠡ ᠪᠦᠲᠦᠭᠡᠯ ᠢᠶᠠᠷ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠶ᠎ᠠ᠃            ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                  2023 ᠣᠨ ᠤ 9 ᠰᠠᠷ᠎ᠠ ᠶᠢᠨ 11᠎ ᠤ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号