ᠬᠠᠶᠢᠷᠤᠪ ᠤᠨ ᠲᠤᠬᠤᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠰᠣᠶᠣᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠪᠢᠨ ᠾᠧ ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠤ ᠰᠣᠶᠣᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2023/9/12
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠣᠯᠠᠨ ᠲᠦᠮᠡᠨᠴᠢ ᠴᠢᠨᠠᠷᠲᠠᠶ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠬᠥᠳᠡᠭᠡ ᠲᠣᠰᠬᠤᠨ ᠤ ᠰᠣᠶᠣᠯ ᠤᠨ ᠬᠥᠭᠵᠢᠯ ᠴᠡᠴᠡᠭᠯᠡᠯ ᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠵᠦᠩ ᠾᠧ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠥᠪᠥᠷ ᠮᠣᠩᠭᠤᠯ ᠤᠨ ᠪᠸᠢ ᠶᠤᠸᠠᠨ ᠠᠷᠠᠯᠵᠢᠶ᠎ᠠ ᠬᠤᠳᠠᠯᠳᠤᠭᠠᠨ ᠤ ᠺᠣᠮᠫᠠᠨᠢ ᠶᠢᠨ ᠬᠠᠮᠲᠤᠷᠠᠨ ᠡᠷᠬᠢᠯᠡᠭᠰᠡᠨ ᠬᠠᠶᠢᠷᠤᠪ ᠤᠨ ᠲᠤᠬᠤᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠰᠣᠶᠣᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠪᠢᠨ ᠾᠧ ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠤ ᠰᠣᠶᠣᠯ ᠤᠨ ᠨᠠᠶᠢᠷ ᠵᠦᠩ ᠾᠧ ᠶᠤᠸᠠᠨ ᠨᠡᠶᠢᠭᠡᠮ ᠲᠣᠭᠤᠷᠢᠭ ᠲᠤ ᠡᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠦ ᠶᠤᠸᠠᠢ ᠧ ᠨᠥᠬᠦᠷ ᠲᠤᠰ ᠤᠳᠠᠭ᠎ᠠ ᠶᠢᠨ ᠠᠵᠢᠯᠯᠠᠭ᠎ᠠ ᠳᠤ ᠪᠠᠶᠠᠷ ᠤᠨ ᠦᠭᠡ ᠬᠡᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠠᠰᠠ ᠲᠤᠬᠠᠢ ᠶᠢᠨ ᠲᠠᠯᠠᠪᠠᠢ ᠳᠤ ᠬᠦᠷᠴᠦ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠡᠬᠢᠯᠡᠭᠰᠡᠨ ᠳᠤ ᠪᠠᠶᠠᠷ ᠬᠦᠷᠭᠡᠪᠡ᠃ ᠠᠷᠪᠠᠨ ᠵᠢᠷᠭᠤᠭᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠬᠡᠰᠡᠭ ᠳᠡᠮᠵᠢᠬᠦ ᠨᠢᠭᠡᠴᠡ ᠪᠠᠰᠠ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃      ᠪᠠᠶᠠᠷ ᠤᠨ ᠶᠠᠩᠭᠠᠷ ᠪᠥᠵᠢᠭ ᠤᠨ ᠲᠣᠭᠯᠠᠯᠲᠠ ᠨᠢ ᠦᠵᠡᠭᠴᠢᠳ ᠲᠤ ᠵᠦᠩ ᠾᠧ ᠶᠤᠸᠠᠨ ᠨᠡᠶᠢᠭᠡᠮ ᠲᠣᠭᠤᠷᠢᠭ ᠤᠨ ᠬᠠᠯᠠᠭᠤᠨ ᠰᠡᠳᠬᠢᠯᠭᠡ ᠶᠢ ᠮᠡᠳᠡᠷᠡᠭᠦᠯᠵᠦ᠂ᠰᠢᠨ᠎ᠡ ᠪᠥᠵᠢᠭ ᠤᠨ ᠰᠤᠷᠲᠠᠯ ᠪᠥᠵᠢᠭ ᠤᠨ ᠪᠦᠯᠬᠦᠮ ᠤᠨ ︽ᠦᠬᠠᠶ ᠶᠢᠨ ᠵᠣᠴᠢᠳ ᠢ ᠤᠭᠲᠤᠬᠤ ᠳᠠᠭᠤᠤ︾ ᠨᠢ ᠲᠤᠰ ᠤᠳᠠᠭᠠᠨ ᠤ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠶᠤᠸᠠᠨ ᠫᠧᠢ ᠶᠣᠣ ᠪᠠᠭᠰᠢ ᠶᠢᠨ ︽ᠬᠠᠮᠤᠭ ᠭᠤᠶᠣ ᠬᠥᠳᠡᠭᠡ ᠲᠣᠰᠬᠤᠨ︾ ᠠᠵᠢᠯᠯᠠᠭ᠎ᠠ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠦ᠂ ᠮᠣᠷᠢᠨ ᠬᠤᠭᠤᠷ ᠤᠨ ᠬᠥᠭᠵᠢᠮ ᠨᠢ ᠣᠯᠠᠨ ᠳᠤ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠭᠦᠢᠴᠡᠳ ᠮᠡᠳᠡᠷᠡᠭᠦᠯᠪᠡ᠃ ᠬᠠᠨᠳᠢᠪᠯᠠᠨ ᠬᠦᠷᠭᠡᠬᠦ ᠭᠤᠭᠴᠤᠭ᠎ᠠ ᠨᠢ ᠪᠦᠯᠬᠦᠮᠳᠡᠯ ᠲᠠᠢ ᠨᠥᠬᠦᠷᠰᠡᠭ᠂ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠠᠭᠤᠷ ᠠᠮᠢᠰᠬᠤᠯ ᠢᠶᠠᠷ ᠪᠦᠬᠦ᠋ᠢᠯᠡ ᠲᠤᠬᠠᠶ ᠶᠢᠨ ᠲᠠᠯᠠᠪᠠᠢ ᠶᠢ ᠳᠤᠯᠠᠭᠠᠴᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠡᠳ᠋ ᠳᠠᠷᠤᠭ᠎ᠠ ᠵᠢᠶᠠᠩ ᠬᠦᠢ ᡁᠢ ᠪᠠᠭᠰᠢ ᠶᠢᠨ ᠤᠬᠠᠭᠤᠯᠤᠨ ᠲᠠᠶᠢᠯᠪᠤᠷᠢᠯᠠᠯᠲᠠ ᠨᠢ ᠤᠯᠠᠨ ᠳᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠨᠢ ᠭᠦᠨᠵᠡᠭᠡᠢ ᠮᠡᠳᠡᠷᠡᠭᠦᠯᠵᠡᠢ᠃      ᠲᠠᠷᠠᠭᠠᠴᠢ ᠶᠢᠨ ᠠᠯᠬᠤᠮ ᠳᠤ᠂ ᠪᠢᠨ ᠾᠧ ᠵᠡᠭᠡᠯᠢ ᠭᠤᠳᠤᠮᠵᠢ ᠲᠣᠰ ᠤᠳᠠᠭᠠᠨ ᠤ ᠬᠥᠳᠡᠭᠡ ᠲᠣᠰᠬᠤᠨ ᠤ ᠰᠣᠶᠣᠯ ᠤᠨ ᠨᠠᠶᠢᠷ ᠢ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ︽ᠡᠶᠡᠯᠳᠡᠭ ᠬᠥᠷᠰᠢ ᠶᠢᠨ ᠨᠠᠮ ᠤᠨ ᠪᠠᠶᠢᠭᠤᠯᠤᠯᠲᠠ︾ ᠶᠢᠨ ᠨᠠᠷᠠᠲᠤ ᠲᠡᠮᠳᠡᠭᠲᠦ ᠶᠢ ᠰᠢᠯᠢᠳᠡᠭᠵᠢᠭᠦᠯᠦᠨ ᠳᠤᠯᠠᠭᠠᠯᠠᠬᠤ ᠪᠠᠷ ᠴᠢᠷᠮᠠᠶᠢᠵᠤ᠂ ᠬᠥᠷᠰᠢ ᠵᠡᠷᠭᠡᠯᠡᠳᠡᠭᠡ ᠶᠢᠨ ᠰᠣᠶᠣᠯ ᠤᠨ ᠦᠷ᠎ᠡ ᠶᠢ ︽ᠳᠠᠷᠢᠬᠤ︾ ᠶᠢ ᠲᠦᠭ ᠲᠦᠮᠡᠨ ᠠᠶᠢᠯ ᠡᠷᠦᠬᠡ ᠳᠤ ᠣᠷᠣᠭᠤᠯᠵᠤ᠂ ︽ᠨᠤᠲᠤᠭ ᠤᠨ ᠮᠥᠷᠥᠭᠡᠳᠦᠯ︾ ᠤᠨ ᠰᠡᠳᠬᠢᠯᠭᠡ ᠶᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠦᠴᠦᠨ ᠵᠦᠢᠯ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号