ᠬᠠᠶᠢᠷᠤᠪ ᠤᠨ ᠲᠣᠬᠤᠢ ᠲᠣᠭᠤᠷᠢᠭ ᠰᠤᠷᠭᠠᠭᠤᠯᠢ ᠡᠬᠢᠯᠡᠬᠦ ᠠᠩᠬᠠᠨ ᠤ ᠬᠤᠭᠤᠴᠠᠭᠠᠨ ᠤ ︽ᠰᠡᠳᠬᠢᠴᠡ ᠶᠢᠨ ᠰᠢᠨᠵᠢᠯᠡᠭᠡᠨ ᠤ ᠰᠠᠯᠠᠭᠠᠨ ᠤ ᠣᠷᠣᠨ ᠪᠦᠰᠡ ᠶᠢᠨ ᠵᠢᠭᠠᠨ ᠰᠤᠳᠤᠯᠬᠤ︾ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2023/9/14
      2023 ᠣᠨ ᠤ 9 ᠰᠠᠷ᠎ᠠ ᠶᠢᠨ 12᠎ ᠤᠨ ᠡᠳᠦᠷ᠂ ︽ᠰᠡᠳᠬᠢᠴᠡ ᠶᠢᠨ ᠰᠢᠨᠵᠢᠯᠡᠭᠡᠨ ᠤ ᠣᠷᠣᠨ ᠪᠦᠰᠡ ᠶᠢᠨ ᠵᠢᠭᠠᠨ ᠰᠤᠷᠭᠠᠯᠲᠠ ᠶᠢᠨ ᠰᠤᠳᠤᠯᠭᠠᠨ︾᠎ ᠤ ᠠᠵᠢᠯᠯᠠᠭ᠎ᠠ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠤ ᠶᠠᠪᠤᠭᠳᠠᠵᠤ᠂ ᠲᠣᠰ ᠤᠳᠠᠭᠠᠨ ᠤ ᠵᠢᠭᠠᠨ ᠰᠤᠳᠤᠯᠬᠤ ᠠᠵᠢᠯᠯᠠᠭ᠎ᠠ ᠪᠣᠯ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠭᠰᠡᠨ ᠤ ᠳᠠᠷᠠᠭᠠᠬᠢ ᠠᠩᠬᠠᠨ ᠤ ᠵᠢᠭᠠᠨ ᠰᠤᠷᠭᠠᠯᠲᠠ ᠰᠤᠳᠤᠯᠭᠠᠨ ᠪᠣᠯᠤᠨ᠎ᠠ᠂ ᠪᠥᠬᠦ ᠲᠤᠭᠤᠷᠢᠭ ᠤᠨ28 ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠪᠠᠭᠰᠢ ᠨᠠᠷ ᠨᠢᠭᠡ ᠲᠠᠩᠬᠢᠮ ᠳᠤ ᠴᠤᠭᠯᠠᠷᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠠᠮᠲᠤ ᠪᠠᠷ ᠤᠷᠤᠭᠰᠢᠯᠠᠵᠤ᠂ ᠰᠢᠨ᠎ᠡ ᠠᠶᠠᠨ ᠢᠶᠠᠨ ᠬᠠᠮᠲᠤ ᠪᠠᠷ ᠡᠬᠢᠯᠡᠭᠦᠯᠪᠡ᠃      ᠲᠣᠰ ᠤᠳᠠᠭᠠᠨ ᠤ ᠵᠢᠭᠠᠨ ᠰᠤᠳᠤᠯᠬᠤ ᠠᠵᠢᠯᠯᠠᠭ᠎ᠠ ᠨᠢ ᠭᠤᠤᠯᠳᠠᠭᠤ ᠡᠮᠦᠨᠡᠬᠢ ᠬᠤᠭᠤᠴᠠᠭᠠᠨ ᠤ ︽ᠦᠬᠠᠶ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠭᠤᠤᠯᠯᠠᠭᠴᠢ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠰᠤᠳᠤᠯᠤᠨ ᠰᠤᠷᠤᠯᠴᠠᠬᠤ ᠠᠩᠭᠢ︾᠎ ᠳᠤ ᠣᠷᠣᠯᠴᠠᠭᠰᠠᠨ ᠤ ᠳᠠᠷᠠᠭᠠᠬᠢ ᠪᠣᠯᠪᠠᠰᠤᠷᠠᠭᠤᠯᠤᠯ ᠤᠨ ᠣᠯᠤᠯᠲᠠ ᠪᠠ ᠪᠣᠳᠣᠯᠬᠢᠯᠠᠯ ᠤᠨ ᠲᠣᠭᠤᠷᠢᠨ ᠳᠤ ᠪᠣᠯᠪᠠᠰᠤᠷᠠᠭᠤᠯᠤᠯ ᠢ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠳᠤ ᠬᠡᠷᠬᠢᠨ ᠬᠡᠷᠡᠭᠯᠡᠵᠦ᠂ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠎ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠠᠵᠢᠯᠯᠠᠭ᠎ᠠ ᠶᠢᠨ ᠳᠤᠮᠳᠠ᠂ ᠢᠳᠡᠪᠬᠢᠲᠡᠢ ᠰᠡᠳᠬᠢᠴᠡ ᠶᠢᠨ ᠳᠠᠯᠳᠠ ᠦᠵᠡᠭᠦᠯᠭᠡ᠂ ᠲᠣᠭᠯᠠᠭᠠᠮ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠪᠠᠭᠰᠢ ᠨᠠᠷ ᠢ ᠬᠠᠮᠲᠤ ᠶᠢᠨ ᠬᠠᠪᠰᠤᠷᠤᠨ ᠵᠢᠯᠣᠭᠤᠳᠬᠤ ᠠᠵᠢᠯᠯᠠᠭ᠎ᠠ ᠶᠢᠨ ᠳᠤᠮᠳᠠ ᠬᠠᠷᠢᠯᠴᠠᠨ ᠢᠲᠡᠭᠡᠬᠦ᠂ ᠬᠠᠷᠢᠯᠴᠠᠨ ᠳᠡᠮᠵᠢᠬᠦ᠂ ᠬᠠᠷᠢᠯᠴᠠᠨ ᠬᠠᠮᠵᠢᠯᠴᠠᠬᠤ ᠬᠠᠮᠲᠤ ᠶᠢᠨ ᠤᠬᠠᠮᠰᠠᠷ ᠢ ᠪᠠᠶᠢᠭᠤᠯᠵᠤ᠂ ᠵᠢᠭᠠᠨ ᠰᠤᠳᠤᠯᠬᠤ ᠰᠢᠨ᠎ᠡ ᠬᠠᠭᠤᠳᠠᠰᠤ ᠶᠢ ᠨᠡᠭᠡᠭᠡᠨ᠎ᠡ᠃ ᠪᠠᠭᠰᠢ ᠨᠠᠷ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠪᠤᠯᠪᠠᠰᠤᠷᠠᠭᠤᠯᠤᠭᠰᠠᠨ ᠰᠡᠳᠬᠢᠯ ᠢ ᠨᠢ ᠣᠯᠠᠨ ᠢᠶᠠᠷ ᠢᠶᠠᠨ ᠬᠠᠮᠲᠤ ᠪᠠᠷ ᠰᠤᠳᠤᠯᠤᠨ ᠶᠠᠷᠢᠯᠴᠠᠵᠤ᠂ ᠵᠢᠭᠠᠨ ᠰᠤᠳᠤᠯᠬᠤ ᠠᠵᠢᠯᠯᠠᠭ᠎ᠠ ᠶᠢᠨ ᠪᠣᠯᠤᠮᠵᠢᠲᠤ ᠰᠠᠨᠠᠭᠤᠯᠭ᠎ᠠ ᠶᠢ ᠬᠠᠮᠲᠤ ᠪᠠᠷ ᠪᠣᠯᠪᠠᠰᠤᠷᠠᠭᠤᠯᠬᠤ ᠶᠢᠨ ᠬᠠᠮᠲᠤ ᠲᠤᠰ ᠬᠤᠭᠤᠴᠠᠭᠠᠨ ᠤ ᠵᠢᠭᠠᠨ ᠰᠤᠳᠤᠯᠬᠤ ᠲᠥᠯᠥᠪᠯᠡᠭᠡ ᠎ ᠪᠠᠨ ᠲᠣᠭᠲᠠᠭᠠᠪᠠ᠃      ᠲᠣᠰ ᠤᠳᠠᠭᠠᠨ ᠤ ︽ᠰᠡᠳᠬᠢᠴᠡ ᠶᠢᠨ ᠰᠢᠨᠵᠢᠯᠡᠭᠡᠨ ᠤ ᠣᠷᠣᠨ ᠪᠦᠰᠡ ᠶᠢᠨ ᠵᠢᠭᠠᠨ ᠰᠤᠳᠤᠯᠬᠤ ᠰᠤᠳᠤᠯᠭᠠᠨ︾᠎ ᠤ ᠠᠵᠢᠯᠯᠠᠭ᠎ᠠ ᠎ ᠨᠢ᠂ ᠵᠢᠭᠠᠨ ᠰᠤᠳᠤᠯᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ᠂ ᠵᠢᠭᠠᠨ ᠰᠤᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠠᠷᠭ᠎ᠠ ᠪᠣᠳᠣᠯᠭ᠎ᠠ ᠶᠢ ᠰᠢᠯᠢᠳᠡᠭᠵᠢᠭᠦᠯᠬᠦ᠂ ᠵᠢᠭᠠᠨ ᠰᠤᠳᠤᠯᠬᠤ ᠠᠵᠢᠯᠯᠠᠭ᠎ᠠ ᠶᠢᠨ ᠨᠠᠷᠢᠨ ᠲᠥᠯᠥᠪᠯᠡᠭᠡ ᠶᠢ ᠲᠣᠭᠲᠠᠭᠠᠬᠤ᠂ ᠵᠢᠭᠠᠨ ᠰᠤᠳᠤᠯᠬᠤ ᠠᠵᠢᠯᠯᠠᠭ᠎ᠠ ᠶᠢᠨ ᠰᠠᠨᠠᠭᠤᠯᠭ᠎ᠠ ᠰᠣᠯᠢᠯᠴᠠᠬᠤ ᠵᠡᠷᠭᠡ ᠠᠭᠤᠯᠭ᠎ᠠ ᠶᠢ ᠰᠣᠯᠢᠯᠴᠠᠬᠤ ᠪᠠᠷ ᠳᠠᠮᠵᠢᠭᠤᠯᠤᠨ᠂ ᠪᠠᠭᠰᠢ ᠨᠢᠭᠡᠪᠦᠷᠢ ᠳᠤ ᠣᠶᠤᠨ ᠰᠠᠨᠠᠭᠠᠨ ᠤ ᠰᠢᠮ᠎ᠡ ᠲᠡᠵᠢᠭᠡᠯ ᠪᠠ ᠬᠠᠶᠢᠷ᠎ᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠪᠠᠭ᠎ᠠ ᠰᠤᠷᠭᠠᠭᠤᠯᠢ ᠬᠢᠭᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠪᠠᠭᠰᠢ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠰᠡᠳᠬᠢᠴᠡ ᠶᠢᠨ ᠬᠢᠴᠢᠶᠡᠯ ᠤᠨ ᠲᠠᠩᠬᠢᠮ ᠤᠨ ᠲᠠᠰᠤᠷᠠᠯᠲᠠ ᠥᠬᠡᠶ ᠲᠤᠰᠬᠠᠶᠢᠵᠢᠭᠰᠠᠨ᠂ ᠰᠢᠰᠲ᠋ᠧᠮᠵᠢᠭᠰᠡᠨ᠂ ᠪᠦᠲᠦᠮᠵᠢᠲᠡᠶ ᠬᠥᠭᠵᠢᠯᠲᠡ ᠶᠢ ᠨᠢ ᠠᠬᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号