ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠮᠠᠨ ᠤ ᠲᠤᠭᠤᠷᠢᠭ ᠤᠨ ᠬᠡᠤᠬᠡᠳ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/9/14
      ᠬᠠᠶᠢᠷᠤᠪ ᠤᠨ ᠲᠣᠬᠤᠢ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠡᠤᠬᠡᠳ ᠤᠨ ᠴᠡᠴᠡᠷᠯᠢᠭ ᠤᠨ ᠴᠢᠨᠠᠷ ᠰᠠᠶᠢᠲᠠᠶ᠂ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠬᠠᠶᠢᠷᠤᠪ ᠤᠨ ᠲᠣᠬᠤᠢ ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠶᠢᠨ ᠲᠤᠬᠠᠶ ᠬᠠᠷᠢᠭᠤ ᠲᠤᠰᠬᠠᠭᠰᠠᠨ ᠰᠠᠨᠠᠯ︾᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠢᠭᠠᠨ ᠵᠢᠯᠣᠭᠤᠳᠴᠤ ᠰᠢᠪᠠᠳᠠᠨ ᠰᠢᠢᠳᠪᠦᠷᠢᠯᠡᠭᠦᠯᠬᠦ ᠲᠤᠬᠠᠶ ᠳ᠋ᠦᠩ ᠹᠠᠩ ᠬᠤᠩ ᠴᠦᠨ ᠬᠤᠸᠠ ᠬᠡᠤᠬᠡᠳ ᠤᠨ ᠴᠡᠴᠡᠷᠯᠢᠭ ᠤᠨ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠶᠢᠨ ᠲᠤᠬᠠᠶ ᠣᠷᠣᠰᠢᠵᠤ ᠪᠠᠶᠢᠭ᠎ᠠ ᠠᠰᠠᠭᠤᠳᠠᠯ ᠢ ᠰᠢᠪᠠᠳᠠᠨ ᠵᠢᠯᠣᠭᠤᠳᠴᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠠᠬᠢᠨᠲᠠ ︽ᠡᠷᠭᠢᠨ ᠬᠠᠷᠠᠵᠤ︾ ᠬᠢᠨᠠᠨ ᠵᠢᠯᠣᠭᠤᠳᠴᠤ ᠪᠠᠶᠢᠴᠠᠭᠠᠵᠤ᠂ ᠬᠡᠤᠬᠡᠳ ᠤᠨ ᠴᠡᠴᠡᠷᠯᠢᠭ ᠤᠨ ᠰᠢᠪᠠᠳᠠᠨ ᠵᠢᠯᠣᠭᠤᠳᠬᠤ ᠰᠠᠨᠠᠯ ᠪᠠ ᠰᠠᠨᠠᠭᠤᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠬᠡᠤᠬᠡᠳ ᠤᠨ ᠴᠡᠴᠡᠷᠯᠢᠭ ᠤᠨ ᠲᠠᠰᠤᠷᠠᠯᠲᠠ ᠥᠬᠡᠶ ᠤᠷᠤᠭᠰᠢ ᠬᠥᠭᠵᠢᠬᠦ ᠶᠢ ᠨᠢ ᠠᠬᠢᠭᠤᠯᠪᠠ᠃      ᠲᠣᠰ ᠤᠳᠠᠭᠠᠨ ᠤ ︽ᠡᠷᠭᠢᠨ ᠬᠠᠷᠠᠬᠤ︾᠎ ᠨᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠣᠬᠢᠶᠠᠯᠳᠤᠯ ᠢᠶᠠᠷ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠲᠤᠰᠬᠠᠭᠰᠠᠨ ᠰᠠᠨᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳ᠋ᠦᠩ ᠹᠠᠩ ᠬᠤᠩ ᠴᠦᠨ ᠬᠤᠸᠠ ᠬᠡᠤᠬᠡᠳ ᠤᠨ ᠴᠡᠴᠡᠷᠯᠢᠭ ᠲᠤ ᠣᠷᠣᠰᠢᠵᠤ ᠪᠠᠶᠢᠭ᠎ᠠ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠮᠥᠷᠳᠡᠨ ᠳᠠᠭᠠᠪᠠ᠃ ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠲᠤᠰᠬᠠᠶ ᠮᠡᠷᠭᠡᠵᠢᠯ ᠤᠨ ᠲᠠᠯ᠎ᠠ ᠠᠴᠠ ᠡᠭᠦᠰᠴᠦ᠂ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢᠨ ᠲᠥᠯᠥᠪᠵᠢᠭᠦᠯᠭᠡ᠂ ᠪᠠᠭᠰᠢ ᠠᠵᠢᠯᠲᠠᠨ ᠤ ᠠᠰᠠᠷᠠᠨ ᠬᠥᠮᠦᠵᠢᠭᠦᠯᠬᠦ ᠤᠬᠠᠮᠰᠠᠷ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠳᠣᠲᠣᠭᠠᠳᠤ ᠶᠢᠨ ᠬᠠᠮᠢᠶᠠᠷᠤᠯᠲᠠ ᠶᠢᠨ ᠠᠵᠢᠯ᠂ ᠡᠷᠡᠭᠦᠯᠵᠢᠯ ᠤᠨ ᠠᠵᠢᠯ ᠵᠡᠷᠭᠡ ᠪᠠᠶᠢᠳᠠᠯ ᠳᠤ ᠴᠢᠭᠯᠡᠭᠦᠯᠦᠨ ᠴᠡᠴᠡᠷᠯᠢᠭ ᠤᠨ ᠲᠠᠯ᠎ᠠ ᠶᠢᠨ ᠬᠢᠨ ᠲᠠᠢ ᠭᠦᠨᠵᠡᠭᠡᠶ ᠰᠣᠯᠢᠯᠴᠠᠭ᠎ᠠ ᠬᠢᠵᠦ᠂ ᠳ᠋ᠦᠩ ᠹᠠᠩ ᠬᠤᠩ ᠴᠦᠨ ᠬᠤᠸᠠ ᠬᠡᠤᠬᠡᠳ ᠤᠨ ᠴᠡᠴᠡᠷᠯᠢᠭ ᠢ ᠦᠷᠭᠦᠯᠵᠢᠯᠡᠨ ᠪᠠᠷᠢᠮᠵᠢᠶ᠎ᠠ ᠲᠠᠢ ᠬᠠᠷᠭᠤᠭᠤᠯᠤᠨ ᠥᠪᠡᠰᠦᠪᠡᠨ ᠪᠠᠶᠢᠴᠠᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠯᠢᠳᠡᠭ ᠪᠤᠯᠬᠤ ᠪᠠᠷ ᠴᠢᠷᠮᠠᠶᠢᠵᠤ ᠪᠠᠷᠢᠮᠵᠢᠶ᠎ᠠ ᠳᠤ ᠬᠦᠷᠭᠡᠬᠦ ᠬᠡᠷᠡᠭᠲᠡᠶ ᠭᠡᠵᠦ ᠱᠠᠭᠠᠷᠳᠠᠪᠠ᠃      ᠮᠠᠨ ᠤ ᠲᠤᠭᠤᠷᠢᠭ ︽ᠬᠥᠮᠦᠨ ᠢᠶᠠᠷ ᠦᠨᠳᠦᠰᠦ ᠪᠣᠯᠭᠠᠬᠤ︾ ᠪᠠ ︽ᠬᠡᠦᠬᠡᠳ ᠤᠨ ᠨᠠᠰᠤᠨ ᠲᠤᠷᠰᠢ ᠬᠥᠭᠵᠢᠬᠦ ᠳᠤ ᠰᠠᠭᠤᠷᠢ ᠲᠠᠯᠪᠢᠬᠤ︾ ᠰᠤᠷᠭᠠᠨ ᠬᠥᠮᠦᠵᠢᠯ ᠤᠨ ᠣᠨᠣᠯᠵᠢᠬᠤᠨ ᠢ ᠨᠢ ᠦᠷᠭᠦᠯᠵᠢᠯᠡᠨ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠳᠡᠭᠡᠳᠦ ᠬᠡᠮᠵᠢᠶᠡᠨ ᠠᠴᠠ ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠬᠡᠦᠬᠡᠳ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠡᠦᠬᠡᠳ ᠤᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号