ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ | ᠮᠠᠨ ᠤ ᠲᠣᠪᠴᠢᠶ᠎ᠠ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠵᠢᠯᠴᠠᠨ ᠬᠠᠤᠯᠢ ᠲᠦᠷᠢᠮ ᠤᠨ ᠴᠡᠴᠡᠷᠯᠢᠭ ᠲᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ᠃ ᠰᠠᠶᠢᠨ | ᠳᠤᠷ᠎ᠠ ᠶᠢᠨ ᠦᠢᠯᠡᠴᠢᠯᠡᠭᠴᠢᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠤᠬᠠᠭᠤᠯᠭ᠎ᠠ ᠶᠢᠨ ᠡᠳ᠋ ᠪᠣᠳᠠᠰ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ ᠪᠦᠯᠬᠦᠮᠳᠡᠯ ᠤᠨ ᠦᠨᠳᠦᠰᠦᠨ | ᠮᠡᠳᠡᠯᠭᠡ ᠶᠢ ᠭᠤᠤᠯᠳᠠᠯᠭ᠎ᠠ ᠲᠠᠢ ᠤᠬᠠᠭᠤᠯᠵᠤ᠂ ᠥᠷᠭᠡᠨ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ | ᠪᠠᠶᠢᠭᠠᠳ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠵᠥᠪ ᠢᠶᠠᠷ ᠣᠶᠢᠯᠠᠭᠠᠭᠤᠯᠪᠠ᠃ ᠠᠵᠢᠯᠯᠠᠭ᠎ᠠ ᠳᠤ ᠡᠯ᠎ᠡ | ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠶ ᠬᠤᠪᠢ ᠲᠠᠷᠬᠠᠭᠠᠵᠤ᠂ ᠲᠤᠬᠠᠶ ᠶᠢᠨ | ᠲᠠᠯᠠᠪᠠᠶ ᠳᠤ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ 20 ᠭᠠᠷᠤᠶ ᠬᠥᠮᠦᠨ ︵ᠤᠳᠠᠭ᠎ᠠ︶ ᠳᠤ | ᠬᠠᠷᠢᠭᠤᠯᠲᠠ ᠥᠭᠪᠡ᠃ | ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠦᠨᠳᠦᠰᠦᠲᠡᠨ ᠤ ᠪᠦᠯᠬᠦᠮᠳᠡᠯ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠬᠦᠷᠢᠶᠡᠯᠡᠵᠦ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ | ᠲᠣᠭᠲᠠᠭᠤᠨ ᠢ ᠤᠬᠠᠮᠰᠠᠷ ᠠᠴᠠ ᠪᠠᠨ ᠬᠠᠮᠠᠭᠠᠯᠠᠨ᠎ᠠ᠃ |