ᠬᠠᠶᠢᠷᠤᠪ ᠤᠨ ᠲᠣᠬᠤᠢ ᠲᠣᠭᠤᠷᠢᠭ ᠰᠤᠷᠭᠠᠭᠤᠯᠢ ᠡᠬᠢᠯᠡᠬᠦ ᠠᠩᠬᠠᠨ ᠤ ᠬᠤᠭᠤᠴᠠᠭᠠᠨ ᠤ ︽ᠰᠡᠳᠬᠢᠴᠡ ᠶᠢᠨ ᠰᠢᠨᠵᠢᠯᠡᠭᠡᠨ ᠤ ᠰᠠᠯᠠᠭᠠᠨ ᠤ ᠣᠷᠣᠨ ᠪᠦᠰᠡ ᠶᠢᠨ ᠵᠢᠭᠠᠨ ᠰᠤᠳᠤᠯᠬᠤ︾ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2023/9/14
      2023 ᠣᠨ ᠤ 9 ᠰᠠᠷ᠎ᠠ ᠶᠢᠨ 12 ᠤᠨ ᠡᠳᠦᠷ᠂ ︽ᠰᠡᠳᠬᠢᠴᠡ ᠶᠢᠨ ᠰᠢᠨᠵᠢᠯᠡᠭᠡᠨ ᠤ ᠣᠷᠣᠨ ᠪᠦᠰᠡ ᠶᠢᠨ ᠵᠢᠭᠠᠨ ᠰᠤᠷᠭᠠᠯᠲᠠ ᠶᠢᠨ ᠰᠤᠳᠤᠯᠭᠠᠨ︾ ᠤ ᠠᠵᠢᠯᠯᠠᠭ᠎ᠠ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠤ ᠶᠠᠪᠤᠭᠳᠠᠵᠤ᠂ ᠲᠣᠰ ᠤᠳᠠᠭᠠᠨ ᠤ ᠵᠢᠭᠠᠨ ᠰᠤᠳᠤᠯᠬᠤ ᠠᠵᠢᠯᠯᠠᠭ᠎ᠠ ᠪᠣᠯ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠭᠰᠡᠨ ᠤ ᠳᠠᠷᠠᠭᠠᠬᠢ ᠠᠩᠬᠠᠨ ᠤ ᠵᠢᠭᠠᠨ ᠰᠤᠷᠭᠠᠯᠲᠠ ᠰᠤᠳᠤᠯᠭᠠᠨ ᠪᠣᠯᠤᠨ᠎ᠠ᠂ ᠪᠥᠬᠦ ᠲᠤᠭᠤᠷᠢᠭ ᠤᠨ28 ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠪᠠᠭᠰᠢ ᠨᠠᠷ ᠨᠢᠭᠡ ᠲᠠᠩᠬᠢᠮ ᠳᠤ ᠴᠤᠭᠯᠠᠷᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠠᠮᠲᠤ ᠪᠠᠷ ᠤᠷᠤᠭᠰᠢᠯᠠᠵᠤ᠂ ᠰᠢᠨ᠎ᠡ ᠠᠶᠠᠨ ᠢᠶᠠᠨ ᠬᠠᠮᠲᠤ ᠪᠠᠷ ᠡᠬᠢᠯᠡᠭᠦᠯᠪᠡ᠃      ᠲᠣᠰ ᠤᠳᠠᠭᠠᠨ ᠤ ᠵᠢᠭᠠᠨ ᠰᠤᠳᠤᠯᠬᠤ ᠠᠵᠢᠯᠯᠠᠭ᠎ᠠ ᠨᠢ ᠭᠤᠤᠯᠳᠠᠭᠤ ᠡᠮᠦᠨᠡᠬᠢ ᠬᠤᠭᠤᠴᠠᠭᠠᠨ ᠤ ︽ᠦᠬᠠᠶ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠭᠤᠤᠯᠯᠠᠭᠴᠢ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠰᠤᠳᠤᠯᠤᠨ ᠰᠤᠷᠤᠯᠴᠠᠬᠤ ᠠᠩᠭᠢ︾ ᠳᠤ ᠣᠷᠣᠯᠴᠠᠭᠰᠠᠨ ᠤ ᠳᠠᠷᠠᠭᠠᠬᠢ ᠪᠣᠯᠪᠠᠰᠤᠷᠠᠭᠤᠯᠤᠯ ᠤᠨ ᠣᠯᠤᠯᠲᠠ ᠪᠠ ᠪᠣᠳᠣᠯᠬᠢᠯᠠᠯ ᠤᠨ ᠲᠣᠭᠤᠷᠢᠨ ᠳᠤ ᠪᠣᠯᠪᠠᠰᠤᠷᠠᠭᠤᠯᠤᠯ ᠢ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠳᠤ ᠬᠡᠷᠬᠢᠨ ᠬᠡᠷᠡᠭᠯᠡᠵᠦ᠂ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ  ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠠᠵᠢᠯᠯᠠᠭ᠎ᠠ ᠶᠢᠨ ᠳᠤᠮᠳᠠ᠂ ᠢᠳᠡᠪᠬᠢᠲᠡᠢ ᠰᠡᠳᠬᠢᠴᠡ ᠶᠢᠨ ᠳᠠᠯᠳᠠ ᠦᠵᠡᠭᠦᠯᠭᠡ᠂ ᠲᠣᠭᠯᠠᠭᠠᠮ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠪᠠᠭᠰᠢ ᠨᠠᠷ ᠢ ᠬᠠᠮᠲᠤ ᠶᠢᠨ ᠬᠠᠪᠰᠤᠷᠤᠨ ᠵᠢᠯᠣᠭᠤᠳᠬᠤ ᠠᠵᠢᠯᠯᠠᠭ᠎ᠠ ᠶᠢᠨ ᠳᠤᠮᠳᠠ ᠬᠠᠷᠢᠯᠴᠠᠨ ᠢᠲᠡᠭᠡᠬᠦ᠂ ᠬᠠᠷᠢᠯᠴᠠᠨ ᠳᠡᠮᠵᠢᠬᠦ᠂ ᠬᠠᠷᠢᠯᠴᠠᠨ ᠬᠠᠮᠵᠢᠯᠴᠠᠬᠤ ᠬᠠᠮᠲᠤ ᠶᠢᠨ ᠤᠬᠠᠮᠰᠠᠷ ᠢ ᠪᠠᠶᠢᠭᠤᠯᠵᠤ᠂ ᠵᠢᠭᠠᠨ ᠰᠤᠳᠤᠯᠬᠤ ᠰᠢᠨ᠎ᠡ ᠬᠠᠭᠤᠳᠠᠰᠤ ᠶᠢ ᠨᠡᠭᠡᠭᠡᠨ᠎ᠡ᠃ ᠪᠠᠭᠰᠢ ᠨᠠᠷ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠪᠤᠯᠪᠠᠰᠤᠷᠠᠭᠤᠯᠤᠭᠰᠠᠨ ᠰᠡᠳᠬᠢᠯ ᠢ ᠨᠢ ᠣᠯᠠᠨ ᠢᠶᠠᠷ ᠢᠶᠠᠨ ᠬᠠᠮᠲᠤ ᠪᠠᠷ ᠰᠤᠳᠤᠯᠤᠨ ᠶᠠᠷᠢᠯᠴᠠᠵᠤ᠂ ᠵᠢᠭᠠᠨ ᠰᠤᠳᠤᠯᠬᠤ ᠠᠵᠢᠯᠯᠠᠭ᠎ᠠ ᠶᠢᠨ ᠪᠣᠯᠤᠮᠵᠢᠲᠤ ᠰᠠᠨᠠᠭᠤᠯᠭ᠎ᠠ ᠶᠢ ᠬᠠᠮᠲᠤ ᠪᠠᠷ ᠪᠣᠯᠪᠠᠰᠤᠷᠠᠭᠤᠯᠬᠤ ᠶᠢᠨ ᠬᠠᠮᠲᠤ ᠲᠤᠰ ᠬᠤᠭᠤᠴᠠᠭᠠᠨ ᠤ ᠵᠢᠭᠠᠨ ᠰᠤᠳᠤᠯᠬᠤ ᠲᠥᠯᠥᠪᠯᠡᠭᠡ  ᠪᠠᠨ ᠲᠣᠭᠲᠠᠭᠠᠪᠠ᠃      ᠲᠣᠰ ᠤᠳᠠᠭᠠᠨ ᠤ ︽ᠰᠡᠳᠬᠢᠴᠡ ᠶᠢᠨ ᠰᠢᠨᠵᠢᠯᠡᠭᠡᠨ ᠤ ᠣᠷᠣᠨ ᠪᠦᠰᠡ ᠶᠢᠨ ᠵᠢᠭᠠᠨ ᠰᠤᠳᠤᠯᠬᠤ ᠰᠤᠳᠤᠯᠭᠠᠨ︾ ᠤ ᠠᠵᠢᠯᠯᠠᠭ᠎ᠠ  ᠨᠢ᠂ ᠵᠢᠭᠠᠨ ᠰᠤᠳᠤᠯᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ᠂ ᠵᠢᠭᠠᠨ ᠰᠤᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠠᠷᠭ᠎ᠠ ᠪᠣᠳᠣᠯᠭ᠎ᠠ ᠶᠢ ᠰᠢᠯᠢᠳᠡᠭᠵᠢᠭᠦᠯᠬᠦ᠂ ᠵᠢᠭᠠᠨ ᠰᠤᠳᠤᠯᠬᠤ ᠠᠵᠢᠯᠯᠠᠭ᠎ᠠ ᠶᠢᠨ ᠨᠠᠷᠢᠨ ᠲᠥᠯᠥᠪᠯᠡᠭᠡ ᠶᠢ ᠲᠣᠭᠲᠠᠭᠠᠬᠤ᠂ ᠵᠢᠭᠠᠨ ᠰᠤᠳᠤᠯᠬᠤ ᠠᠵᠢᠯᠯᠠᠭ᠎ᠠ ᠶᠢᠨ ᠰᠠᠨᠠᠭᠤᠯᠭ᠎ᠠ ᠰᠣᠯᠢᠯᠴᠠᠬᠤ ᠵᠡᠷᠭᠡ ᠠᠭᠤᠯᠭ᠎ᠠ ᠶᠢ ᠰᠣᠯᠢᠯᠴᠠᠬᠤ ᠪᠠᠷ ᠳᠠᠮᠵᠢᠭᠤᠯᠤᠨ᠂ ᠪᠠᠭᠰᠢ ᠨᠢᠭᠡᠪᠦᠷᠢ ᠳᠤ ᠣᠶᠤᠨ ᠰᠠᠨᠠᠭᠠᠨ ᠤ ᠰᠢᠮ᠎ᠡ ᠲᠡᠵᠢᠭᠡᠯ ᠪᠠ ᠬᠠᠶᠢᠷ᠎ᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠪᠠᠭ᠎ᠠ ᠰᠤᠷᠭᠠᠭᠤᠯᠢ ᠬᠢᠭᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠪᠠᠭᠰᠢ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠰᠡᠳᠬᠢᠴᠡ ᠶᠢᠨ ᠬᠢᠴᠢᠶᠡᠯ ᠤᠨ ᠲᠠᠩᠬᠢᠮ ᠤᠨ ᠲᠠᠰᠤᠷᠠᠯᠲᠠ ᠥᠬᠡᠶ ᠲᠤᠰᠬᠠᠶᠢᠵᠢᠭᠰᠠᠨ᠂ ᠰᠢᠰᠲ᠋ᠧᠮᠵᠢᠭᠰᠡᠨ᠂ ᠪᠦᠲᠦᠮᠵᠢᠲᠡᠶ ᠬᠥᠭᠵᠢᠯᠲᠡ ᠶᠢ ᠨᠢ ᠠᠬᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号