ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2023/9/15
      ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠦᠷᠦᠭᠦᠯᠡᠨ ︽ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠶᠢᠨ ᠲᠥᠰᠦᠯ︾᠂ ︽ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠪᠠᠯᠭᠠᠰᠤ᠂ ᠠᠵᠤ ᠤᠶᠢᠯᠡᠰ ᠤᠨ ᠬᠦᠷᠢᠶᠡᠯᠡᠩ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠲᠤᠭᠤᠷᠢᠭ ᠤᠨ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠶᠤᠯᠭᠦᠶ ᠤᠶᠢᠯᠡᠤᠡᠪᠤᠷᠢᠯᠡᠯ ᠤᠨ ᠵᠥᠪᠯᠡᠯ ᠠᠴᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠤᠨ ᠵᠥᠪᠰᠢᠶᠡᠷᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠶᠢ ᠵᠢᠩᠬᠢᠨᠢ ᠪᠠᠷ ᠪᠠᠶᠢᠭᠤᠯᠪᠠ᠃      9 ᠰᠠᠷ᠎ᠠ ᠶᠢᠨ 13᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠵᠢᠴᠢ ︽ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ ᠤᠨ APP ᠪᠣᠯᠪᠠᠰᠤᠷᠠᠯ︾᠎ ᠢ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠲᠤᠰᠬᠠᠢ ᠠᠩᠬᠢ ᠶᠢᠨ ᠪᠦᠷᠢᠯᠳᠦᠬᠦᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠵᠤ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠠ ᠬᠦᠨᠳᠦ ᠨᠣᠴᠢᠲᠠᠶ ᠴᠢᠨᠠᠷ ᠢ ᠨᠢ ᠭᠦᠢᠴᠡᠳ ᠲᠠᠨᠢᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠬᠤᠶᠠᠷ ᠲᠤ᠂ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ ᠲᠤᠰᠬᠠᠶ ᠠᠩᠭᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠤᠰᠬᠠᠶ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠪᠠ APP᠎ ᠶᠢ ᠭᠦᠢᠴᠡᠳ ᠠᠰᠢᠭᠯᠠᠨ᠂ ᠠᠵᠢᠯ ᠲᠥᠷᠥᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠤᠨ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠲᠤᠰᠬᠠᠶ ᠠᠩᠭᠢ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠳᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠣᠯᠠᠨ ᠲᠠᠯ᠎ᠠ ᠠᠴᠠ ᠪᠠᠶᠢᠴᠠᠭᠠᠬᠤ ᠠᠴᠠ ᠵᠠᠶᠢᠯᠠᠰᠬᠢᠵᠦ᠂ ᠬᠡᠶ ᠬᠦᠷᠭᠡᠬᠦ ᠠᠵᠤ ᠠᠬᠤᠶᠢᠯᠠᠯ ᠪᠠ ᠬᠡᠶ ᠬᠡᠷᠡᠭᠯᠡᠬᠦ ᠨᠢᠭᠡᠴᠢ ᠶᠢᠨ ᠳᠠᠷᠤᠭᠠᠰᠤ ᠶᠢ ᠨᠡᠮᠡᠭᠳᠡᠭᠦᠯᠬᠦ ᠶᠢ ᠬᠤᠷᠢᠭᠯᠠᠪᠠ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ᠃ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠪᠠᠶᠢᠩᠭᠤ ᠶᠢᠨ ᠴᠢᠨᠠᠷᠲᠠᠶ ᠠᠮᠤᠷ ᠲᠦᠪᠰᠢᠨ ᠤ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠦᠨᠳᠦᠰᠦᠨ ᠮᠡᠳᠡᠯᠭᠡ ᠶᠢ ᠲᠦᠭᠡᠮᠡᠯᠵᠢᠭᠦᠯᠦᠨ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠢᠲᠠᠮᠠᠬᠠᠶ ᠬᠡᠶ ᠶᠢᠨ ᠪᠡᠯᠡᠳᠬᠡᠮᠵᠢ ᠶᠢ ᠤᠬᠠᠮᠰᠠᠷ ᠠᠴᠠ ᠪᠠᠨ ᠬᠠᠮᠠᠭᠠᠯᠠᠵᠤ᠂ ᠬᠢᠷᠢ ᠲᠡᠩᠴᠡᠬᠦ ᠥᠬᠡᠶ ᠰᠢᠲᠠᠮᠠᠬᠠᠶ ᠬᠡᠶ ᠶᠢᠨ ᠪᠠᠭᠠᠵᠢ ᠵᠡᠷᠭᠡ ᠶᠢ ᠤᠬᠠᠮᠰᠠᠷ ᠠᠴᠠ ᠪᠠᠨ ᠬᠤᠷᠢᠭᠯᠠᠵᠤ᠂ ᠰᠢᠲᠠᠮᠠᠬᠠᠶ ᠬᠡᠶ ᠬᠡᠷᠡᠭᠯᠡᠬᠦ ᠵᠡᠷᠭᠡ ᠭᠤᠭᠴᠤᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ᠪᠠᠶᠢᠴᠠᠭᠠᠭᠴᠢᠳ ᠲᠤ ᠰᠢᠲᠠᠮᠠᠬᠠᠶ ᠬᠡᠶ ᠶᠢᠨ ᠲᠤᠰᠬᠠᠶ ᠪᠠᠶᠢᠴᠠᠭᠠᠯᠲᠠ ᠶᠢᠨ APP ᠠᠵᠢᠯᠯᠠᠭᠠᠨ ᠤ ᠶᠠᠪᠤᠴᠠ ᠪᠠ ᠠᠷᠭ᠎ᠠ ᠶᠢ ᠪᠣᠯᠪᠠᠰᠤᠷᠠᠩᠭᠤᠶ ᠡᠵᠡᠮᠰᠢᠭᠦᠯᠬᠦ ᠶᠢᠨ ᠲᠥᠯᠥᠭᠡ᠂ ᠰᠢᠲᠠᠮᠠᠬᠠᠶ ᠬᠡᠶ ᠶᠢᠨ ᠲᠤᠰᠬᠠᠶ ᠠᠩᠭᠢ ᠶᠢᠨ ᠠᠵᠢᠯᠲᠠᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠬᠤ ᠠᠷᠭ᠎ᠠ᠂ ᠠᠵᠢᠯᠲᠠᠨ ᠪᠠ ᠠᠵᠤ ᠠᠬᠤᠶᠢᠯᠠᠯ ᠤᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠵᠢᠴᠢ ᠳᠠᠯᠳᠠ ᠬᠡᠮ ᠤᠨ ᠡᠬᠡ ᠲᠠᠩᠰᠠ ᠶᠢ ᠨᠠᠷᠢᠨ ᠲᠠᠶᠢᠯᠪᠤᠷᠢᠯᠠᠵᠤ᠂ APP᠎ ᠳᠤ ᠲᠤᠰᠬᠠᠶ ᠪᠠᠶᠢᠴᠠᠭᠠᠯᠲᠠ ᠬᠢᠬᠦ᠂ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ ᠵᠢᠴᠢ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠠᠵᠢᠯ ᠤᠨ ᠶᠠᠪᠤᠴᠠ ᠪᠠ ᠠᠩᠬᠠᠷᠬᠤ  ᠵᠤᠶᠢᠯᠡᠰ ᠢ ᠲᠤᠬᠠᠶ ᠶᠢᠨ ᠲᠠᠯᠠᠪᠤᠷ ᠲᠤ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠤᠷ ᠲᠤ ᠬᠤᠷᠠᠯ ᠳᠤ ᠣᠷᠣᠯᠴᠠᠭᠰᠠᠳ ᠪᠠᠰᠠ APP᠎ ᠶᠢ ᠬᠡᠷᠡᠭᠯᠡᠬᠦ ᠦᠶ᠎ᠡ ᠳᠤ ᠲᠤᠯᠭᠠᠷᠠᠭᠰᠠᠨ ᠮᠠᠳᠠᠭ ᠲᠠᠢ ᠠᠰᠠᠭᠤᠳᠠᠯ ᠢ ᠨᠢ ᠶᠠᠷᠢᠯᠴᠠᠨ ᠰᠣᠯᠢᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号