ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠬᠤᠭ ᠨᠣᠪᠰᠢ ᠶᠢ ᠴᠡᠭᠴᠡᠯᠡᠨ ᠵᠠᠰᠠᠬᠤ ᠲᠤᠰᠬᠠᠶ ᠰᠡᠳᠦᠪᠲᠦ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 12᠎ ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠬᠤᠭ ᠨᠣᠪᠰᠢ ᠶᠢ ᠴᠡᠭᠴᠡᠯᠡᠨ ᠵᠠᠰᠠᠬᠤ ᠲᠤᠰᠬᠠᠶ ᠰᠡᠳᠦᠪᠲᠦ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠶᠡᠭᠡ ᠠᠩᠭᠢ ᠶᠢᠨ ᠳᠠᠷᠤᠭ᠎ᠠ ᠫᠠᠨ ᠬᠠᠶ ᠴᠦᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠤ ᠡᠮᠦᠨᠡᠬᠢ ᠬᠤᠭᠤᠴᠠᠭᠠᠨ ᠤ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠬᠠᠶᠠᠬᠤ ᠳᠤᠷ᠎ᠠ ᠪᠠᠷ ᠢᠶᠠᠨ ᠬᠠᠶᠠᠬᠤ ᠵᠢᠴᠢ ᠬᠤᠭ ᠨᠣᠪᠰᠢ ᠶᠢ ᠵᠠᠰᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠎ ᠨᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠴᠡᠭᠴᠡᠯᠡᠨ ᠵᠠᠰᠠᠬᠤ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠤᠨ ᠳᠤᠮᠳᠠ ᠠᠩᠭᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠰᠠᠷᠢᠭᠠᠯᠠᠬᠤ ᠵᠡᠷᠭᠡ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠬᠤᠶᠠᠷ ᠲᠤ᠂ ᠬᠦᠳᠡᠯᠦᠩᠬᠦᠢ ᠳᠣᠭᠤᠷᠢᠨ ᠪᠠᠶᠢᠴᠠᠭᠠᠯᠳᠠ ᠶᠢ ᠴᠢᠩᠭᠠᠳᠬᠠᠬᠤ ᠬᠡᠷᠡᠭᠳᠡᠢ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠵᠦ᠂ ᠴᠢᠩᠭ᠎ᠠ ᠬᠠᠮᠢᠶᠠᠷᠴᠤ᠂ ᠬᠦᠨᠳᠦ ᠪᠠᠷ ᠰᠢᠳᠬᠡᠨ᠎ᠡ᠃ ᠭᠤᠷᠪᠠ ᠳᠤ᠂ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠬᠤᠯᠠᠭᠠᠶᠢᠯᠠᠨ ᠤᠨᠠᠭᠠᠬᠤ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠤᠬᠠᠭᠤᠯᠭ᠎ᠠ ᠶᠢᠨ ᠡᠷᠴᠢᠮ ᠵᠢᠴᠢ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠴᠢᠩᠭᠠᠷᠠᠭᠤᠯᠵᠤ᠂ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃      ᠬᠤᠷᠠᠯ ᠤᠨ ᠳᠠᠷᠠᠭ᠎ᠠ᠂ ᠶᠡᠭᠡ ᠠᠩᠭᠢ ᠶᠢᠨ ᠳᠠᠷᠤᠭ᠎ᠠ ᠫᠠᠨ ᠬᠠᠶ ᠴᠦᠨ ᠬᠤᠷᠠᠯ ᠳᠤ ᠣᠷᠣᠯᠴᠠᠭᠰᠠᠳ ᠢ ᠳᠠᠭᠠᠭᠤᠯᠤᠨ ᠭᠤᠤᠯᠳᠠᠯᠭ᠎ᠠ ᠲᠠᠢ ᠬᠤᠯᠠᠭᠠᠶᠢᠯᠠᠨ ᠤᠨᠠᠭᠠᠬᠤ ᠴᠡᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠪᠠ᠃ ᠫᠠᠨ ᠬᠠᠶ ᠴᠦᠨ ᠨᠥᠬᠦᠷ ᠵᠢᠭᠠᠵᠤ ᠭᠠᠷᠭᠠᠭᠰᠠᠨ ᠨᠢ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠪᠣᠯ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠶ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠮᠥᠨ᠂ ᠡᠨᠡ ᠨᠢ ᠬᠤᠲᠠ ᠶᠢᠨ ᠪᠣᠯᠪᠠᠰᠤᠨ ᠤ ᠬᠡᠮᠵᠢᠶ᠎ᠡ᠂ ᠠᠮᠢ ᠠᠬᠤᠶ ᠶᠢᠨ ᠪᠣᠯᠪᠠᠰᠤᠨ ᠤ ᠬᠢᠷᠢ ᠲᠦᠪᠰᠢᠨ ᠪᠠ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠲᠠᠢ ᠰᠢᠭᠤᠳ ᠬᠤᠯᠪᠣᠭᠳᠠᠵᠤ ᠪᠠᠶᠢᠳᠠᠭ᠃ ᠰᠢᠢᠳᠪᠦᠷᠢᠯᠡᠬᠦ ᠠᠷᠭ᠎ᠠ ᠶᠢ ᠰᠦᠪᠡᠭᠴᠢᠯᠡᠬᠦ ᠶᠠᠪᠤᠴᠠ ᠳᠤ᠂ ᠣᠷᠳᠣ ᠬᠤᠭᠤᠴᠠᠭᠠᠨ ᠤ ᠵᠠᠰᠠᠯᠲᠠ ᠶᠢᠨ ᠰᠠᠶᠢᠨ ᠦᠷ᠎ᠡ ᠪᠦᠲᠦᠮᠵᠢ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠦᠵᠡᠰᠬᠦᠯᠡᠩᠲᠦ ᠰᠠᠶᠢᠬᠠᠨ ᠦᠬᠠᠶ ᠶᠢ ᠪᠥᠲᠥᠭᠡᠨ ᠪᠠᠶᠢᠭᠤᠯᠬᠤ ᠳᠤ ᠬᠤᠲᠠ ᠶᠢᠨ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠡᠢ᠃      ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠶᠠᠪᠤᠴᠠ ᠳᠠᠬᠢ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠠᠬᠢᠭᠤᠯᠵᠤ᠂ ︽ᠥᠴᠦᠬᠡᠨ ᠴᠦ ᠠᠭᠤᠴᠢᠯᠠᠬᠤ ᠦᠭᠡᠢ︾ ᠠᠵᠢᠯ ᠤᠨ ᠣᠪᠣᠷ ᠢᠶᠠᠷ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠤᠨᠠᠭᠠᠵᠤ ᠳᠤᠷ᠎ᠠ ᠪᠠᠷ ᠢᠶᠠᠨ ᠬᠠᠶᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠤᠡᠪᠤᠷᠢᠯᠡᠵᠤ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠤᠨᠠᠭᠠᠬᠤ᠂ ᠳᠤᠷ᠎ᠠ ᠪᠠᠷ ᠢᠶᠠᠨ ᠬᠠᠶᠠᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠥᠷᠭᠡᠨ ᠣᠯᠠᠨ ᠲᠦᠮᠡᠨ ᠳᠤ ᠴᠡᠪᠡᠷ ᠴᠡᠮᠴᠡᠭᠡᠷ᠂ ᠪᠣᠯᠪᠠᠰᠤᠨ᠂ ᠡᠮᠬᠢ ᠵᠢᠷᠤᠮ ᠲᠠᠢ ᠬᠤᠲᠠ ᠶᠢᠨ ᠣᠷᠴᠢᠨ ᠲᠣᠭᠤᠷᠢᠨ ᠢ ᠨᠢ ᠪᠣᠶ ᠪᠣᠯᠭᠠᠵᠤ ᠥᠭᠭᠦᠨ᠎ᠡ᠃       
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号