ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ | ᠲᠤᠭᠤᠷᠢᠭ ᠤᠨ ᠵᠠᠰᠠᠭ ᠤᠨ ᠣᠷᠳᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ | ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠦᠷᠦᠭᠦᠯᠡᠨ ︽ᠬᠠᠶᠢᠷᠤᠪ ᠤᠨ ᠲᠣᠬᠤᠶ ᠲᠣᠭᠤᠷᠢᠭ ᠤᠨ | ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ | ᠠᠩᠭᠢ ᠶᠢᠨ ᠲᠥᠰᠦᠯ︾᠂ ︽ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ | ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠪᠠᠯᠭᠠᠰᠤ᠂ ᠠᠵᠤ | ᠤᠶᠢᠯᠡᠰ ᠤᠨ ᠬᠦᠷᠢᠶᠡᠯᠡᠩ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠲᠤᠭᠤᠷᠢᠭ ᠤᠨ | ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠠᠶᠢᠷᠤᠪ ᠤᠨ ᠲᠣᠬᠤᠶ ᠲᠣᠭᠤᠷᠢᠭ ᠤᠨ | ᠠᠶᠤᠯᠭᠦᠶ ᠤᠶᠢᠯᠡᠤᠡᠪᠤᠷᠢᠯᠡᠯ ᠤᠨ ᠵᠥᠪᠯᠡᠯ ᠠᠴᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠳᠤ ᠮᠡᠳᠡᠭᠦᠯᠦᠨ ᠰᠤᠳᠤᠯᠤᠭᠤᠯᠤᠨ ᠵᠥᠪᠰᠢᠶᠡᠷᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ | ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ | ᠠᠩᠭᠢ ᠶᠢ ᠵᠢᠩᠬᠢᠨᠢ ᠪᠠᠷ ᠪᠠᠶᠢᠭᠤᠯᠪᠠ᠃ | 9 ᠰᠠᠷ᠎ᠠ ᠶᠢᠨ 13 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠪᠠᠯᠭᠠᠰᠤᠨ ᠤ | ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠬᠢᠷᠠᠭᠤᠯᠤᠯᠳᠠ | ᠪᠠᠶᠢᠷᠢᠯᠠᠭᠤᠯᠤᠯᠲᠠ ᠵᠢᠴᠢ ︽ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ | ᠰᠢᠰᠲ᠋ᠧᠮ ᠤᠨ APP ᠪᠣᠯᠪᠠᠰᠤᠷᠠᠯ︾ ᠢ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠠᠵᠢᠯ ᠤᠨ ᠲᠤᠰᠬᠠᠢ ᠠᠩᠬᠢ ᠶᠢᠨ ᠪᠦᠷᠢᠯᠳᠦᠬᠦᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ | ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠵᠤ᠂ ᠬᠤᠲᠠ | ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ | ᠴᠢᠬᠤᠯᠠ ᠴᠢᠨᠠᠷ ᠪᠠ ᠬᠦᠨᠳᠦ ᠨᠣᠴᠢᠲᠠᠶ ᠴᠢᠨᠠᠷ ᠢ ᠨᠢ ᠭᠦᠢᠴᠡᠳ ᠲᠠᠨᠢᠵᠤ᠂ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠰᠡᠷᠭᠡᠶᠢᠯᠡᠨ᠎ᠡ᠃ ᠬᠤᠶᠠᠷ ᠲᠤ᠂ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ | ᠲᠤᠰᠬᠠᠶ ᠠᠩᠭᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨ | ᠬᠦ ᠭᠦᠢᠴᠡᠳᠬᠡᠵᠦ᠂ ᠲᠤᠰᠬᠠᠶ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠪᠠ APP ᠶᠢ ᠭᠦᠢᠴᠡᠳ | ᠠᠰᠢᠭᠯᠠᠨ᠂ ᠠᠵᠢᠯ ᠲᠥᠷᠥᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠤᠨ᠂ | ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠲᠤᠰᠬᠠᠶ ᠠᠩᠭᠢ ᠨᠢ | ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠳᠤ | ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠣᠯᠠᠨ ᠲᠠᠯ᠎ᠠ ᠠᠴᠠ | ᠪᠠᠶᠢᠴᠠᠭᠠᠬᠤ ᠠᠴᠠ ᠵᠠᠶᠢᠯᠠᠰᠬᠢᠵᠦ᠂ ᠬᠡᠶ ᠬᠦᠷᠭᠡᠬᠦ ᠠᠵᠤ ᠠᠬᠤᠶᠢᠯᠠᠯ ᠪᠠ ᠬᠡᠶ ᠬᠡᠷᠡᠭᠯᠡᠬᠦ ᠨᠢᠭᠡᠴᠢ ᠶᠢᠨ ᠳᠠᠷᠤᠭᠠᠰᠤ ᠶᠢ | ᠨᠡᠮᠡᠭᠳᠡᠭᠦᠯᠬᠦ ᠶᠢ ᠬᠤᠷᠢᠭᠯᠠᠪᠠ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ᠃ ᠨᠡᠶᠢᠭᠡᠮ | ᠨᠡᠶᠢᠲᠡ ᠳᠤ ᠬᠠᠨᠳᠤᠭᠤᠯᠤᠭᠰᠠᠨ ᠪᠠᠶᠢᠩᠭᠤ ᠶᠢᠨ ᠴᠢᠨᠠᠷᠲᠠᠶ ᠠᠮᠤᠷ ᠲᠦᠪᠰᠢᠨ ᠤ ᠤᠬᠠᠭᠤᠯᠭ᠎ᠠ ᠪᠠ ᠰᠡᠷᠡᠮᠵᠢᠯᠡᠭᠦᠯᠬᠦ | ᠬᠥᠮᠦᠵᠢᠯ ᠢ ᠴᠢᠩᠭᠠᠳᠬᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠵᠡᠷᠭᠡ ᠦᠨᠳᠦᠰᠦᠨ ᠮᠡᠳᠡᠯᠭᠡ ᠶᠢ ᠲᠦᠭᠡᠮᠡᠯᠵᠢᠭᠦᠯᠦᠨ᠂ ᠥᠷᠭᠡᠨ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠰᠢᠲᠠᠮᠠᠬᠠᠶ ᠬᠡᠶ ᠶᠢᠨ ᠪᠡᠯᠡᠳᠬᠡᠮᠵᠢ ᠶᠢ ᠤᠬᠠᠮᠰᠠᠷ ᠠᠴᠠ ᠪᠠᠨ ᠬᠠᠮᠠᠭᠠᠯᠠᠵᠤ᠂ | ᠬᠢᠷᠢ ᠲᠡᠩᠴᠡᠬᠦ ᠥᠬᠡᠶ ᠰᠢᠲᠠᠮᠠᠬᠠᠶ ᠬᠡᠶ ᠶᠢᠨ ᠪᠠᠭᠠᠵᠢ ᠵᠡᠷᠭᠡ ᠶᠢ ᠤᠬᠠᠮᠰᠠᠷ ᠠᠴᠠ ᠪᠠᠨ ᠬᠤᠷᠢᠭᠯᠠᠵᠤ᠂ ᠰᠢᠲᠠᠮᠠᠬᠠᠶ ᠬᠡᠶ | ᠬᠡᠷᠡᠭᠯᠡᠬᠦ ᠵᠡᠷᠭᠡ ᠭᠤᠭᠴᠤᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠪᠠᠶᠢᠴᠠᠭᠠᠭᠴᠢᠳ ᠲᠤ ᠰᠢᠲᠠᠮᠠᠬᠠᠶ ᠬᠡᠶ ᠶᠢᠨ ᠲᠤᠰᠬᠠᠶ ᠪᠠᠶᠢᠴᠠᠭᠠᠯᠲᠠ ᠶᠢᠨ APP ᠠᠵᠢᠯᠯᠠᠭᠠᠨ ᠤ ᠶᠠᠪᠤᠴᠠ | ᠪᠠ ᠠᠷᠭ᠎ᠠ ᠶᠢ ᠪᠣᠯᠪᠠᠰᠤᠷᠠᠩᠭᠤᠶ ᠡᠵᠡᠮᠰᠢᠭᠦᠯᠬᠦ ᠶᠢᠨ ᠲᠥᠯᠥᠭᠡ᠂ ᠰᠢᠲᠠᠮᠠᠬᠠᠶ ᠬᠡᠶ ᠶᠢᠨ ᠲᠤᠰᠬᠠᠶ ᠠᠩᠭᠢ ᠶᠢᠨ | ᠠᠵᠢᠯᠲᠠᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠮᠡᠳᠡᠭᠡ ᠵᠠᠩᠭᠢ ᠶᠢᠨ | ᠰᠢᠰᠲ᠋ᠧᠮ ᠤᠨ ᠠᠵᠢᠯᠯᠠᠬᠤ ᠠᠷᠭ᠎ᠠ᠂ ᠠᠵᠢᠯᠲᠠᠨ ᠪᠠ ᠠᠵᠤ ᠠᠬᠤᠶᠢᠯᠠᠯ ᠤᠨ ᠮᠡᠳᠡᠭᠡ ᠵᠠᠩᠭᠢ ᠶᠢ ᠰᠢᠩᠭᠡᠭᠡᠨ | ᠣᠷᠣᠭᠤᠯᠬᠤ ᠵᠢᠴᠢ ᠳᠠᠯᠳᠠ ᠬᠡᠮ ᠤᠨ ᠡᠬᠡ ᠲᠠᠩᠰᠠ ᠶᠢ ᠨᠠᠷᠢᠨ ᠲᠠᠶᠢᠯᠪᠤᠷᠢᠯᠠᠵᠤ᠂ APP ᠳᠤ ᠲᠤᠰᠬᠠᠶ | ᠪᠠᠶᠢᠴᠠᠭᠠᠯᠲᠠ ᠬᠢᠬᠦ᠂ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ ᠵᠢᠴᠢ ᠳᠠᠯᠳᠠ ᠬᠡᠮ ᠢ ᠴᠡᠭᠴᠡᠯᠡᠨ | ᠰᠠᠶᠢᠵᠢᠷᠠᠭᠤᠯᠵᠤ ᠬᠠᠷᠢᠭᠤ ᠲᠤᠰᠬᠠᠬᠤ ᠠᠵᠢᠯ ᠤᠨ ᠶᠠᠪᠤᠴᠠ ᠪᠠ ᠠᠩᠬᠠᠷᠬᠤ ᠵᠤᠶᠢᠯᠡᠰ ᠢ ᠲᠤᠬᠠᠶ ᠶᠢᠨ ᠲᠠᠯᠠᠪᠤᠷ ᠲᠤ | ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠤᠷ ᠲᠤ ᠬᠤᠷᠠᠯ ᠳᠤ ᠣᠷᠣᠯᠴᠠᠭᠰᠠᠳ ᠪᠠᠰᠠ APP ᠶᠢ ᠬᠡᠷᠡᠭᠯᠡᠬᠦ | ᠦᠶ᠎ᠡ ᠳᠤ ᠲᠤᠯᠭᠠᠷᠠᠭᠰᠠᠨ ᠮᠠᠳᠠᠭ ᠲᠠᠢ ᠠᠰᠠᠭᠤᠳᠠᠯ ᠢ ᠨᠢ ᠶᠠᠷᠢᠯᠴᠠᠨ ᠰᠣᠯᠢᠯᠴᠠᠪᠠ᠃ |