ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠦᠨᠳᠦᠰᠦᠲᠡᠨ ᠤ ᠪᠦᠯᠬᠦᠮᠳᠡᠯ ᠤᠨ ᠠᠵᠢᠯᠯᠠᠭ᠎ᠠ ᠶᠢᠨ ᠰᠠᠷ᠎ᠠ ᠪᠠ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪᠲᠦ ᠠᠵᠢᠯᠯᠠᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2023/9/18
      ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢ ᠪᠠᠲᠤᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠢ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠠᠬᠢᠭᠤᠯᠬᠤ ᠶᠢᠨ ᠲᠦᠯᠤᠭᠡ᠂ 9 ᠰᠠᠷ᠎ᠠ ᠶᠢᠨ 14᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠠᠵᠢᠯᠯᠠᠭ᠎ᠠ ᠪᠠ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪᠲᠦ ᠠᠵᠢᠯᠯᠠᠭ᠎ᠠ ᠎ ᠳᠤ ᠤᠷᠤᠯᠴᠠᠪᠠ ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠡ ᠪᠠ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠎ ᠨᠢ ᠨᠠᠷᠢᠨ ᠨᠢᠭᠲᠠ ᠲᠠᠨᠢᠯᠴᠠᠭᠤᠯᠵᠤ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠰᠦᠯᠵᠢᠶ᠎ᠡ ᠶᠢ ᠡᠷᠡᠭᠦᠯ ᠢᠶᠠᠷ ᠬᠡᠷᠡᠭᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠢ ᠨᠢ ᠴᠢᠩᠭᠠᠳᠬᠠᠵᠤ᠂ ᠰᠦᠯᠵᠢᠶᠡᠨ ᠤ ᠰᠠᠶᠢᠨ ᠰᠠᠶᠢᠬᠠᠨ ᠠᠮᠢ ᠠᠬᠤᠢ ᠪᠠᠨ ᠬᠠᠮᠲᠤᠪᠠᠷ ᠬᠠᠮᠠᠭᠠᠯᠠᠪᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠦᠷᠭᠦᠯᠵᠢᠯᠡᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠨᠢ ᠬᠠᠮᠠᠭᠠᠯᠠᠬᠤ ᠪᠠᠷ ᠡᠭᠦᠰᠪᠦᠷᠢ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠨᠢ ᠲᠠᠰᠤᠷᠠᠯᠲᠠ ᠦᠭᠡᠢ ᠠᠬᠢᠭᠤᠯᠵᠤ᠂ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠪᠠᠨ ᠥᠷᠭᠡᠨ ᠢᠶᠠᠷ ᠥᠷᠨᠢᠭᠦᠯᠵᠦ᠂ ᠦᠨᠳᠦᠰᠦᠨ ᠱᠠᠲᠤᠨ ᠤ ᠰᠦᠯᠵᠢᠶᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾᠎ ᠢ ᠪᠦᠬᠦ ᠲᠠᠯ᠎ᠠ ᠪᠠᠷ ᠪᠠᠬᠢᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠎ ᠢᠶᠠᠨ ᠬᠠᠮᠲᠤᠪᠠᠷ ᠪᠠᠶᠢᠭᠤᠯᠤᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠎ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠨᠢ ᠭᠦᠨᠵᠡᠭᠡᠶ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠤᠨᠤᠯ ᠲᠥᠷᠥ ᠶᠢᠨ ᠪᠤᠳᠤᠯᠭ᠎ᠠ ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠎ ᠤᠨ ᠤᠬᠠᠭᠤᠯᠭ᠎ᠠ ᠬᠥᠮᠦᠵᠢᠯ ᠢᠶᠠᠨ ᠪᠥᠬᠦ ᠲᠠᠯ᠎ᠠ ᠪᠠᠷ ᠴᠢᠩᠭᠠᠳᠬᠠᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠨᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号