ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠲᠠᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/9/19
      9 ᠰᠠᠷ᠎ᠠ ᠶᠢᠨ 17᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯᠲᠠᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠴᠦᠩᠴᠢᠩ ᠳᠤ ᠰᠤᠷᠤᠯᠭ᠎ᠠ ᠡᠬᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠵᠢᠤᠸᠠᠨ ᠨᠥᠬᠦᠷ ᠠᠩᠬᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠵᠠᠢ᠃ ᠲᠤᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠ ᠡᠬᠢ ᠪᠠᠶᠠᠯᠢᠭ ᠢ ᠬᠠᠮᠲᠤᠪᠠᠷ ᠡᠳ᠋ᠯᠡᠬᠦ ᠦᠢᠯᠡᠳᠦᠯ ᠢ ᠪᠠᠳᠠᠷᠠᠭᠤᠯᠵᠤ᠂ ︽ᠱᠦᠵᠢ ᠶᠢᠨ ᠵᠠᠮᠴᠢᠯᠠᠬᠤ ᠢᠨᠵᠧᠨᠧᠷᠢᠩ︾᠎ ᠢ ᠰᠢᠨ᠎ᠡ ᠶᠢ ᠡᠭᠦᠳᠦᠨ ᠠᠬᠢᠭᠤᠯᠵᠤ᠂ ︽ᠬᠠᠷᠢᠯᠴᠠᠨ ᠰᠤᠷᠤᠯᠴᠠᠵᠤ ᠬᠠᠷᠢᠯᠴᠠᠨ ᠦᠵᠡᠵᠦ ᠮᠥᠷᠦ᠋ᠢᠴᠡᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠸᠠᠩ ᠵᠢᠤᠸᠠᠨ ᠨᠥᠬᠦᠷ ᠴᠢᠬᠤᠯᠠᠴᠢᠯᠠᠬᠤ ᠳᠠᠭᠠᠨ᠂ ᠳᠦᠷᠢ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶ ᠪᠣᠯᠭᠠᠵᠤ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠴᠢᠬᠤᠯᠠ ᠠᠴᠢ ᠬᠤᠯᠪᠣᠭᠳᠠᠯ ᠢ ᠨᠢ ᠭᠦᠨᠵᠡᠭᠡᠶ ᠲᠠᠨᠢᠵᠤ᠂ ᠲᠣᠰ ᠤᠳᠠᠭᠠᠨ ᠤ ᠪᠣᠯᠪᠠᠰᠤᠷᠠᠭᠤᠯᠤᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠎ ᠪᠠᠨ ᠳᠡᠭᠡᠭᠰᠢᠯᠡᠭᠦᠯᠬᠦ᠂ ᠨᠠᠮ ᠤᠨ ᠠᠵᠢᠯ ᠤᠨ ᠮᠡᠳᠡᠯᠭᠡ ᠶᠢ ᠰᠢᠰᠲ᠋ᠧᠮ ᠲᠠᠢ ᠰᠤᠷᠤᠯᠴᠠᠬᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠣᠯᠢᠯᠴᠠᠵᠤ ᠰᠤᠳᠤᠯᠤᠨ ᠶᠠᠷᠢᠯᠴᠠᠬᠤ ᠰᠠᠶᠢᠨ ᠲᠣᠬᠢᠶᠠᠯ ᠪᠣᠯᠭᠠᠬᠤ ᠬᠡᠷᠡᠭᠲᠡᠶ︔ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠰᠤᠷᠲᠠᠯ ᠢᠶᠠᠨ ᠲᠥᠪ ᠴᠢᠩᠭ᠎ᠠ ᠪᠣᠯᠭᠠᠵᠤ᠂ ᠲᠤᠰ ᠤᠳᠠᠭ᠎ᠠ ᠶᠢᠨ ︽ᠴᠠᠬᠢᠯᠭᠠᠨ ᠴᠡᠨᠡᠭᠯᠡᠬᠦ᠂ ᠲᠤᠰᠤ ᠨᠡᠮᠡᠬᠦ᠂ ᠺᠠᠯᠼ ᠨᠥᠬᠦᠪᠥᠷᠢᠯᠡᠬᠦ︾ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠦᠵᠡᠯ ᠰᠠᠨᠠᠭᠠᠨ ᠤ ᠲᠠᠯ᠎ᠠ ᠪᠠᠷ ᠵᠣᠬᠢᠬᠤ ᠳᠡᠭᠡᠭᠰᠢᠯᠡᠯᠲᠡ ᠲᠠᠢ ᠪᠣᠯᠬᠤ᠂ ᠨᠠᠮᠴᠢ ᠴᠢᠨᠠᠷ ᠤᠨ ᠲᠠᠯ᠎ᠠ ᠪᠠᠷ ᠵᠣᠬᠢᠬᠤ ᠳᠠᠪᠲᠠᠯᠲᠠ ᠲᠠᠢ ᠪᠣᠯᠬᠤ᠂ ᠰᠤᠷᠲᠠᠯ ᠤᠨ ᠲᠠᠯ᠎ᠠ ᠪᠠᠷ ᠵᠣᠬᠢᠬᠤ ᠰᠠᠶᠢᠵᠢᠷᠠᠯᠲᠠ ᠲᠠᠢ ᠪᠣᠯᠬᠤ᠂ ᠴᠢᠳᠠᠪᠤᠷᠢ ᠶᠢᠨ ᠲᠠᠯ᠎ᠠ ᠪᠠᠷ ᠵᠣᠬᠢᠬᠤ ᠳᠡᠭᠡᠭᠰᠢᠯᠡᠯᠲᠡ ᠲᠠᠢ ᠪᠣᠯᠬᠤ᠂ ᠠᠵᠢᠯ ᠤᠨ ᠲᠠᠯ᠎ᠠ ᠪᠠᠷ ᠵᠣᠬᠢᠬᠤ ᠠᠬᠢᠭᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ︔ ᠰᠣᠷᠣᠭᠰᠠᠨ ᠢᠶᠠᠨ ᠬᠡᠷᠡᠭᠯᠡᠬᠦ ᠶᠢ ᠲᠦᠷᠭᠡᠳᠬᠡᠵᠦ᠂ ᠦᠵᠡᠯ ᠰᠠᠨᠠᠭᠠᠨ ᠤ ᠲᠠᠯ᠎ᠠ ᠪᠠᠷ ᠳᠠᠪᠲᠠᠯᠲᠠ ᠲᠠᠢ᠂ ᠰᠡᠳᠬᠢᠴᠡ ᠶᠢᠨ ᠲᠠᠯ᠎ᠠ ᠪᠠᠷ ᠵᠠᠯᠭᠠᠯᠲᠠ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠤᠯᠢ ᠪᠣᠯᠭᠠᠬᠤ᠂ ᠠᠵᠢᠯ ᠤᠨ ᠲᠠᠯ᠎ᠠ ᠪᠠᠷ ᠳᠡᠭᠡᠭᠰᠢᠯᠡᠯᠲᠡ ᠲᠠᠢ ᠪᠠᠶᠢᠬᠤ ᠶᠢ ᠪᠡᠶᠡᠯᠡᠭᠦᠯᠬᠦ ᠪᠠᠨ ᠠᠬᠢᠭᠤᠯᠵᠤ᠂ ᠬᠠᠶᠢᠷᠤᠪ ᠤᠨ ᠲᠤᠬᠤᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃ ᠰᠤᠷᠤᠯᠭ᠎ᠠ ᠡᠬᠢᠯᠡᠬᠦ ᠶᠣᠰᠣᠯᠠᠯ ᠤᠨ ᠲᠠᠷᠠᠭ᠎ᠠ᠂ ᠰᠤᠷᠤᠭᠴᠢᠳ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠲᠤᠯᠤᠭᠠᠨ ᠡᠳᠦᠷ ᠪᠣᠯᠤᠨ᠎ᠠ᠂ ᠪᠣᠯᠪᠠᠰᠤᠷᠠᠭᠤᠯᠤᠯ ᠤᠨ ᠬᠢᠴᠢᠶᠡᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠬᠤᠩ ᠶᠠᠨ ᠤ ᠵᠣᠷᠢᠭ ᠰᠠᠨᠠᠭ᠎ᠠ᠂ ᠴᠦᠩᠴᠢᠩ ᠤᠨ ᠨᠠᠮ ᠤᠨ ᠲᠡᠤᠬᠡ ᠶᠢ ᠬᠠᠮᠤᠷᠴᠤ᠂ ᠲᠤᠰᠬᠠᠶ ᠮᠡᠷᠭᠡᠵᠢᠯᠲᠡᠳ ᠲᠠᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠲᠦᠷᠢᠮ᠂ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠣᠯᠭ᠎ᠠ ᠵᠡᠷᠭᠡ ᠠᠭᠤᠯᠭ᠎ᠠ ᠶᠢ ᠰᠣᠯᠢᠯᠴᠠᠵᠤ᠂ ᠲᠤᠬᠠᠶ ᠶᠢᠨ ᠭᠠᠵᠠᠷ ᠎ ᠲᠤᠨᠢ ᠲᠣᠭᠤᠷᠢᠨ ᠦᠵᠡᠬᠦ᠂ ᠶᠠᠷᠢᠯᠴᠠᠨ ᠰᠣᠯᠢᠯᠴᠠᠬᠤ᠂ ᠲᠤᠬᠠᠶ ᠶᠢᠨ ᠲᠠᠯᠠᠪᠤᠷ ᠲᠤᠨᠢ ᠵᠢᠭᠠᠨ ᠰᠤᠷᠭᠠᠬᠤ᠂ ᠪᠡᠶ᠎ᠡ ᠪᠠᠨ ᠳᠠᠭᠠᠭᠠᠵᠤ ᠰᠤᠷᠤᠯᠴᠠᠬᠤ ᠵᠡᠷᠭᠡ ᠣᠯᠠᠨ ᠵᠤᠶᠢᠯ ᠤᠨ ᠬᠡᠯᠪᠡᠷᠢ ᠲᠠᠢ ᠤᠶᠠᠯᠳᠤᠭᠤᠯᠤᠨ ᠥᠷᠨᠢᠭᠦᠯᠦᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠳᠠᠨ 40 ᠭᠠᠷᠤᠢ ᠬᠥᠮᠦᠨ ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠯᠴᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号