ᠰᠢᠨᠬᠤᠸᠠ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/19
      ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨᠬᠤᠸᠠ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠤᠭᠡ᠂ 9 ᠰᠠᠷ᠎ᠠ ᠶᠢᠨ 19᠎ ᠤ ᠡᠳᠦᠷ᠂ ᠮᠠᠨ ᠤ ᠭᠠᠵᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠭᠴᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ︽ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠡᠷᠡᠰ ᠰᠠᠶᠢᠲᠤᠷ ᠨᠠᠶᠢᠳᠠᠪᠤᠷᠢᠵᠢᠭᠤᠯᠬᠤ︾᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠭᠦᠯᠬᠦ ᠰᠢᠨ᠎ᠡ ᠵᠠᠮ ᠢᠶᠠᠷ ᠵᠠᠮᠨᠠᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀᠎ ᠢ ᠦᠷᠭᠦᠯᠵᠢᠯᠡᠨ ᠰᠠᠶᠢᠲᠤᠷ ᠪᠦᠳᠦᠭᠡᠨ ᠪᠠᠶᠢᠭᠤᠯᠬᠤ︾᠂ ︽ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ︾ ᠲᠦᠷᠪᠡᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠠᠢ᠃      ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠲᠠᠮᠵᠢᠨ᠂ ᠲᠤᠬᠠᠢ ᠶᠢᠨ ᠲᠠᠯᠠᠪᠠᠢ ᠳᠤ ᠪᠠᠶᠢᠭᠰᠠᠨ ᠨᠠᠮ ᠤᠨ ᠭᠡᠰᠢᠭᠦᠨ ᠤᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠨᠡᠩ ᠪᠦᠬᠦ ᠲᠠᠯ᠎ᠠ ᠶᠢᠨ᠂ ᠭᠦᠨ ᠭᠦᠨᠵᠡᠭᠡᠢ ᠲᠠᠨᠢᠯᠲᠠ ᠲᠠᠢ ᠪᠣᠯᠵᠠᠢ᠃ ᠳᠠᠷᠠᠭᠠᠴᠢ ᠶᠢᠨ ᠠᠯᠬᠤᠮ ᠳᠤ᠂ ᠮᠠᠨ ᠤ ᠭᠠᠵᠠᠷ ᠦᠨᠳᠦᠰᠦᠨ ᠱᠠᠲᠤᠨ ᠳᠤ ᠭᠦᠨᠵᠡᠭᠡᠶᠢᠷᠡᠵᠦ ︽ᠪᠠᠭ᠎ᠠ ᠬᠡᠪᠴᠢᠶᠡᠨ ᠤ᠂ ᠬᠠᠷᠢᠯᠴᠠᠨ ᠬᠥᠳᠡᠯᠦᠯᠴᠡᠬᠦ ᠬᠡᠯᠪᠡᠷᠢ︾᠎ ᠶᠢᠨ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠮ ᠤᠨ ᠭᠡᠰᠢᠭᠦᠨ ᠤᠯᠠᠨ ᠲᠦᠮᠡᠨ ᠤ ᠤᠶᠤᠨ ᠲᠠᠷᠢᠬᠢᠨ ᠳᠤ ᠬᠠᠳᠠᠩᠰᠢᠭᠤᠯᠵᠤ᠂ ᠤᠶᠤᠨ ᠰᠠᠨᠠᠭᠠᠨ ᠳᠤ ᠬᠠᠳᠠᠩᠰᠢᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠢ ᠬᠥᠮᠦᠵᠢᠭᠦᠯᠦᠨ ᠳᠠᠭᠠᠭᠤᠯᠵᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠳᠤᠮᠳᠠ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号