ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠠᠵᠤ ᠠᠬᠤᠶᠢᠯᠠᠯ ᠳᠤ ᠣᠷᠣᠭᠤᠯᠬᠤ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/20
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ 9 ᠰᠠᠷ᠎ᠠ ᠶᠢᠨ 14᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠥᠪᠥᠷ ᠮᠣᠩᠭᠤᠯ ᠤᠨ ᠸᠠᠨ ᠴᠧᠨ ᠴᠤᠬᠤᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢ ᠠᠮᠢᠳᠤᠯᠢᠭ ᠰᠠᠶᠢᠬᠠᠨ ᠲᠠᠶᠢᠯᠪᠤᠷᠢᠯᠠᠬᠤ ᠪᠠᠷ ᠳᠠᠮᠵᠢᠭᠤᠯᠤᠨ᠂ ᠪᠣᠳᠠᠲᠤ ᠶᠠᠪᠤᠳᠠᠯ ᠢ ᠳᠡᠯᠭᠡᠬᠦ᠂ ᠶᠣᠰᠣ ᠤᠴᠢᠷ ᠢ ᠶᠠᠷᠢᠬᠤ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠬᠤ ᠪᠠ ᠭᠦᠨᠵᠡᠭᠡᠢ ᠲᠠᠶᠢᠯᠪᠤᠷᠢᠯᠠᠵᠤ᠂ ᠢᠲᠡᠭᠡᠯ ᠵᠣᠷᠢᠭ ᠪᠠ ᠡᠷᠴᠢ ᠵᠣᠷᠢᠭ ᠢᠶᠠᠨ ᠡᠯ᠎ᠡ ᠦᠨᠳᠦᠰᠦᠨ ᠱᠠᠲᠤᠨ ᠤ ᠠᠵᠤ ᠠᠬᠤᠶᠢᠯᠠᠯ ᠤᠨ ᠠᠵᠢᠯᠲᠠᠳ ᠲᠤ ᠳᠠᠮᠵᠢᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠳᠡᠭᠡᠷ᠎ᠡ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠠᠵᠢᠯᠲᠠᠳ ᠤᠨ ᠬᠤᠪᠢ ᠨᠡᠮᠡᠷᠢ ᠪᠠ ᠬᠠᠷᠢᠭᠤᠴᠠᠯᠭ᠎ᠠ ᠶᠢ ᠢᠯᠡᠷᠡᠭᠦᠯᠬᠦ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠮᠠᠨ ᠤ ᠲᠤᠪᠴᠢᠶ᠎ᠠ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢᠶᠠᠨ ᠠᠵᠤ ᠠᠬᠤᠶᠢᠯᠠᠯ ᠤᠨ ᠠᠵᠢᠯ ᠢ ᠬᠦᠳᠦᠯᠦᠨ ᠳᠠᠭᠠᠭᠤᠯᠬᠤ ᠦᠵᠡᠯ ᠰᠠᠨᠠᠭᠠᠨ ᠤ ᠡᠬᠢ ᠰᠤᠷᠪᠤᠯᠵᠢ᠂ ᠡᠷᠡᠯᠬᠡᠭᠯᠡᠨ ᠤᠷᠤᠭᠰᠢᠯᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号