ᠰᠢᠨᠬᠤᠸᠠ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ ᠶᠢᠨ 2023 ᠣᠨ ᠤ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/20
      ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶ ᠪᠣᠯᠭᠠᠵᠤ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 9 ᠰᠠᠷ᠎ᠠ ᠶᠢᠨ 11᠎ ᠤ ᠡᠳᠦᠷ᠂ ᠰᠢᠨᠬᠤᠸᠠ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠤᠭ᠎ᠠ 2023 ᠣᠨ ᠤ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ᠂ ᠡᠯ᠎ᠡ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠬᠤᠷᠠᠯ ᠳᠤ ᠣᠷᠣᠯᠴᠠᠵᠤ᠂ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠡᠨᠡ ᠵᠢᠯ ᠤᠨ ᠳᠡᠭᠡᠷ᠎ᠡ ᠬᠠᠭᠠᠰ ᠵᠢᠯ ᠠᠴᠠ ᠨᠠᠰᠢᠬᠢ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠳᠠᠷᠠᠭᠠᠴᠢ ᠶᠢᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠢ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ 2024 ᠣᠨ ᠳᠤ ᠤᠨᠴᠠᠯᠢᠬᠳᠤ ᠲᠥᠷᠥᠯ ᠵᠤᠶᠢᠯ ᠤᠨ ᠨᠠᠷᠠᠲᠤ ᠲᠥᠷᠥᠯ ᠲᠡᠮᠳᠡᠭᠲᠦ ᠶᠢ ᠭᠤᠶᠤᠴᠢᠯᠠᠵᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ︽ᠨᠢᠭᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢᠭᠡ ᠣᠨᠴᠠᠯᠢᠭ᠂ ᠨᠢᠭᠡ ᠨᠡᠶᠢᠭᠡᠮ ᠲᠤᠭᠤᠷᠢᠭ ᠨᠢᠭᠡ ᠨᠠᠷᠠᠲᠤ ᠲᠥᠷᠥᠯ ᠲᠡᠮᠳᠡᠭᠲᠦ︾᠎ ᠶᠢ ᠪᠣᠶ ᠪᠣᠯᠭᠠᠬᠤ ᠪᠠᠷ ᠲᠥᠯᠥᠪᠯᠡᠵᠦ ᠪᠠᠶᠢᠨ᠎ᠠ᠂ ᠡᠯ᠎ᠡ ᠨᠡᠶᠢᠭᠡᠮ ᠲᠣᠭᠤᠷᠢᠭ ᠨᠢ ᠬᠠᠷᠢᠶᠠᠲᠤ ᠣᠷᠣᠨ ᠤ ᠣᠨᠴᠠᠯᠢᠭ ᠲᠠᠢ ᠪᠠᠨ ᠤᠶᠠᠯᠳᠤᠭᠤᠯᠤᠨ᠂ ᠤᠨᠴᠠᠯᠢᠬᠳᠤ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠤᠶᠢᠯ ᠢ ᠲᠥᠯᠥᠪᠯᠡᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠷᠬᠡᠭ ᠪᠠᠭᠤᠷᠠᠶ ᠶᠢᠨ ᠬᠤᠯᠪᠣᠭᠠᠯᠠᠯ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ ᠪᠠ ᠨᠢᠭᠲᠠᠷᠠᠯ ᠤᠨ ᠬᠦᠴᠦᠨ ᠢ ᠨᠢ ᠴᠢᠩᠭᠠᠷᠠᠭᠤᠯᠬᠤ ᠬᠡᠷᠡᠭᠲᠡᠶ᠃ ᠬᠤᠶᠠᠷ ᠲᠤ᠂ ᠬᠤᠶᠠᠷ ᠥᠮᠡᠨ ᠢ ᠠᠪᠤᠷᠠᠨ ᠲᠤᠰᠠᠯᠠᠬᠤ ᠲᠠᠯ᠎ᠠ ᠪᠠᠷ᠂ ᠬᠤᠶᠠᠷ ᠥᠮᠡᠨ ᠢ ᠠᠪᠤᠷᠠᠨ ᠲᠤᠰᠠᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ 2024 ᠣᠨ ᠳᠤ ᠡᠮᠡᠭᠲᠡᠶᠢᠴᠦᠳ ᠤᠨ ᠬᠤᠶᠠᠷ ᠥᠮᠡᠨ ᠢ ᠠᠪᠤᠷᠠᠨ ᠲᠤᠰᠠᠯᠠᠬᠤ ᠳᠤ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠨᠢ ᠴᠢᠷᠮᠠᠶᠢᠨ ᠪᠠᠲᠤᠯᠠᠬᠤ ᠬᠡᠷᠡᠭᠲᠡᠶ︔ ᠬᠠᠤᠯᠢ ᠴᠠᠭᠠᠵᠠ ᠶᠢᠨ ᠲᠤᠰᠬᠠᠶ ᠠᠪᠤᠷᠠᠨ ᠲᠤᠰᠠᠯᠠᠬᠤ ᠲᠠᠯ᠎ᠠ ᠪᠠᠷ᠂ ᠡᠳᠦᠷ ᠲᠤᠲᠤᠮ ᠤᠨ ᠪᠠᠶᠢᠳᠠᠯ ᠢ ᠣᠶᠢᠯᠠᠭᠠᠬᠤ ᠬᠠᠷᠢᠶ᠎ᠠ ᠣᠷᠣᠨ ᠤ ᠳᠣᠲᠣᠷᠠᠬᠢ ᠡᠷᠡᠭᠦᠤ ᠶᠢᠨ ᠬᠡᠷᠡᠭ ᠲᠤ ᠬᠤᠬᠢᠷᠠᠯ ᠠᠮᠰᠠᠭᠴᠢ ᠶᠢᠨ ᠬᠡᠷ ᠪᠦᠯᠢ ᠨᠢ ᠭᠡᠨᠡᠳᠲᠡ ᠶᠢᠨ ᠬᠡᠷᠡᠭ ᠲᠤ ᠴᠢᠭᠯᠡᠭᠦᠯᠦᠨ᠂ ᠬᠡᠷ ᠪᠦᠯᠢ ᠨᠢ ᠲᠦᠷ ᠴᠠᠭ ᠶᠠᠳᠠᠭᠤ ᠬᠦᠴᠢᠷᠳᠡᠯᠲᠡᠶ ᠪᠣᠯᠤᠭᠰᠠᠨ ᠬᠤᠬᠢᠷᠠᠯ ᠠᠮᠰᠠᠭᠴᠢ ᠳᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠳᠡᠭᠡᠭᠰᠢ ᠠᠪᠤᠷᠠᠨ ᠲᠤᠰᠠᠯᠠᠭᠤᠯᠬᠤ ᠪᠠᠷ ᠮᠡᠳᠡᠭᠦᠯᠦᠨ᠎ᠡ︔ ᠭᠤᠷᠪᠠ ᠳᠤ ᠬᠠᠷᠢᠶ᠎ᠠ ᠣᠷᠣᠨ ᠤ ᠳᠣᠲᠣᠷᠠᠬᠢ ᠡᠬᠢ ᠪᠠᠶᠠᠯᠢᠭ ᠢ ᠠᠰᠢᠭᠯᠠᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠢ ᠪᠠᠶᠠᠯᠢᠭᠵᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠡᠯ᠎ᠡ ᠨᠡᠶᠢᠭᠡᠮ ᠲᠣᠭᠤᠷᠢᠭ ᠤᠨ ᠪᠠᠶᠢᠳᠠᠯ ᠢ ᠨᠢ ᠦᠨᠳᠦᠰᠦᠯᠡᠨ᠂ ᠬᠡᠷ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠩᠨᠡᠭᠡ ᠳᠤ ᠣᠷᠣᠵᠤ ᠰᠠᠭᠤᠬᠤ ᠪᠠᠷ ᠲᠥᠯᠥᠪᠯᠡᠵᠦ᠂ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠬᠡᠷ ᠪᠦᠯᠢ ᠳᠤ ᠲᠥᠬᠦᠮ ᠦᠵᠡᠭᠦᠯᠦᠨ᠎ᠡ᠃ ᠲᠦᠷᠪᠡ ᠳᠤ᠂ ᠱᠠᠭᠠᠷᠳᠠᠯᠭ᠎ᠠ ᠶᠣᠰᠣᠭᠠᠷ ᠡᠮᠡᠭᠲᠡᠶᠢᠴᠦᠳ ᠤᠨ ᠬᠤᠯᠪᠣᠭ᠎ᠠ ᠶᠢᠨ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠨᠢ ᠰᠠᠶᠢᠲᠤᠷ ᠬᠢᠬᠦ ᠬᠡᠷᠡᠭᠲᠡᠢ᠃      ᠰᠤᠷᠤᠯᠴᠠᠯᠭ᠎ᠠ ᠪᠠᠷ ᠲᠠᠮᠵᠢᠨ᠂ ᠰᠢᠨᠬᠤᠸᠠ ᠵᠡᠭᠡᠯᠢ ᠭᠤᠳᠤᠮᠵᠢ ᠶᠢᠨ ᠬᠢᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠴᠢᠯᠡᠭᠡ ᠬᠠᠷᠢᠯᠴᠠᠬᠤ ᠡᠭᠦᠷᠭᠡ ᠴᠢᠳᠠᠪᠬᠢ ᠶᠢ ᠨᠢ ᠰᠠᠶᠢᠲᠤᠷ ᠪᠠᠳᠠᠷᠠᠭᠤᠯᠵᠤ᠂ ᠡᠮᠡᠭᠲᠡᠶᠢᠴᠦᠳ ᠪᠠ ᠬᠡᠦᠬᠡᠳ ᠤᠨ ᠦᠵᠡᠯ ᠰᠠᠨᠠᠭᠠᠨ ᠤ ᠬᠥᠮᠦᠵᠢᠯ᠂ ᠤᠬᠠᠭᠤᠯᠭ᠎ᠠ ᠵᠢᠯᠤᠭᠤᠳᠤᠯᠭ᠎ᠠ᠂ ᠳᠣᠲᠣᠨᠣ ᠦᠢᠯᠡᠴᠢᠯᠡᠭᠡ ᠶᠢ ᠰᠠᠶᠢᠲᠤᠷ ᠠᠳᠬᠤᠵᠤ᠂ ︽ᠭᠡᠷ︾ ᠦᠰᠦᠭᠲᠦ ᠠᠵᠢᠯ ᠢ ᠰᠠᠶᠢᠲᠤᠷ ᠬᠢᠵᠦ᠂ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠲᠠᠶᠢᠴᠢᠯᠠᠵᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠠᠮᠢᠵᠢᠷᠠᠯ ᠤᠨ ᠬᠦᠴᠦᠨ ᠲᠠᠢ ᠬᠠᠶᠢᠷᠤᠪ ᠤᠨ ᠲᠤᠬᠤᠢ ᠶᠢᠨ ᠪᠦᠳᠦᠬᠡᠨ ᠪᠠᠶᠢᠭᠤᠯᠤᠯᠲᠠ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号