ᠬᠠᠶᠢᠷᠤᠪ ᠤᠨ ᠲᠤᠬᠤᠢ ᠲᠣᠭᠤᠷᠢᠭ 2023 ᠣᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠪᠠᠯᠭᠠᠰᠤ ᠶᠢ ᠲᠠᠬᠢᠨ ᠬᠢᠨᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/25
      2023 ᠣᠨ ᠤ 9 ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠪᠠᠯᠭᠠᠰᠤ ᠶᠢ ᠲᠠᠬᠢᠨ ᠬᠢᠨᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠡᠷᠬᠢᠯᠡᠭᠴᠢ ᠶᠠᠩ ᠳ᠋ᠦᠸᠧ ᠬᠤᠷᠠᠯ ᠳᠤ ᠣᠷᠣᠯᠴᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠳ᠋ᠢᠩ ᠢ ᠢ ᠬᠤᠷᠠᠯ ᠢ ᠡᠷᠬᠢᠯᠡᠪᠡ᠃ ᠴᠡᠭᠡᠯ ᠠᠭᠤᠯᠠ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 20 ᠭᠠᠷᠤᠶ ᠬᠠᠮᠢᠶ᠎ᠠ ᠪᠥᠬᠦᠶ ᠨᠢᠭᠡᠴᠡ ᠶᠢᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠯᠣᠭᠤᠳᠬᠤ ᠲᠥᠪ ᠤᠨ ᠡᠷᠬᠢᠯᠡᠭᠴᠢ ᠰᠢᠩ ᠬᠠᠶ ᠱᠧᠩ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠤᠨ 9 ᠰᠠᠷ᠎ᠠ ᠶᠢᠨ 11᠎ ᠤ ᠡᠳᠦᠷ ᠠᠴᠠ 12᠎ ᠤᠨ ᠡᠳᠦᠷ ᠪᠣᠯᠲᠠᠯ᠎ᠠ ᠣᠷᠣᠰᠢᠵᠤ ᠪᠠᠶᠢᠭ᠎ᠠ ᠠᠰᠠᠭᠤᠳᠠᠯ ᠢ ᠰᠢᠮᠳᠠᠭᠤᠯᠤᠨ ᠪᠠᠶᠢᠴᠠᠭᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃      ᠶᠠᠩ ᠳ᠋ᠦᠸᠧ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠣᠳᠠᠲᠠᠶ ᠰᠠᠨᠠᠯ ᠳᠤᠷᠠᠳᠪᠠ᠄ ᠡᠩ ᠲᠡᠷᠢᠭᠦᠨ ᠳᠤ᠂ ᠡᠯ᠎ᠡ ᠨᠢᠭᠡᠴᠡ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠳᠠᠬᠢᠨ ᠬᠢᠨᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠢ ᠦᠨᠳᠦᠰᠦᠯᠡᠨ᠂ ᠠᠰᠠᠭᠤᠳᠠᠯ ᠤᠨ ᠵᠥᠷᠢᠶ᠎ᠡ ᠳᠤ ᠵᠥᠪ ᠢᠶᠠᠷ ᠬᠠᠨᠳᠤᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠬᠵᠢᠭᠤᠯᠵᠤ᠂ ᠪᠥᠬᠦ ᠲᠠᠯ᠎ᠠ ᠪᠠᠷ ᠳᠠᠶᠢᠴᠢᠯᠠᠨ ᠪᠠᠶᠢᠷᠢᠯᠠᠭᠤᠯᠵᠤ᠂ ᠴᠠᠭ ᠬᠤᠭᠤᠴᠠᠭ᠎ᠠ᠂ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠨᠢᠭᠡᠳ ᠨᠢᠭᠡ ᠪᠠᠷ ᠡᠮᠬᠢᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ ᠪᠡᠶᠡᠯᠡᠭᠦᠯᠬᠦ ᠶᠢ ᠨᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃      ᠲᠠᠷᠠᠭ᠎ᠠ ᠳᠤᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠠᠵᠢᠯ ᠬᠤᠪᠢᠶᠠᠷᠢᠯᠠᠨ ᠬᠠᠮᠵᠢᠯᠴᠠᠵᠤ᠂ ᠥᠪᠡᠷ ᠤᠨ ᠬᠠᠷᠢᠭᠤᠴᠠᠯᠭ᠎ᠠ ᠪᠠᠨ ᠰᠠᠶᠢᠲᠤᠷ ᠰᠠᠬᠢᠬᠤ ᠬᠡᠷᠡᠭᠲᠡᠢ ᠪᠥᠭᠡᠳ ᠪᠠᠰᠠ ᠬᠠᠮᠵᠢᠯᠴᠠᠨ ᠬᠦᠴᠦᠯᠡᠵᠦ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠤᠢ ᠪᠣᠯᠭᠠᠬᠤ ᠬᠡᠷᠡᠭᠲᠡᠢ᠃ ᠪᠦᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠭᠤᠤᠯ ᠰᠡᠳᠦᠪᠲᠦ ᠤᠬᠠᠭᠤᠯᠭ᠎ᠠ ᠶᠢ ᠥᠷᠨᠢᠭᠦᠯᠵᠦ᠂ ᠰᠢᠨ᠎ᠡ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠤᠬᠠᠭᠤᠯᠤᠨ ᠳᠡᠯᠭᠡᠷᠡᠭᠦᠯᠦᠨ᠎ᠡ᠃      ᠡᠴᠦᠰ ᠲᠤ᠂ ᠡᠯ᠎ᠡ ᠨᠢᠭᠡᠴᠡ ᠶᠢᠨ ᠬᠤᠭᠤᠷᠣᠨᠳᠣ ᠪᠠᠨ ᠠᠵᠢᠯ ᠤᠨ ᠬᠤᠯᠪᠣᠭᠠᠯᠠᠨ ᠬᠥᠳᠡᠯᠦᠯᠴᠡᠬᠦ᠂ ᠵᠢᠯᠣᠭᠤᠳᠣᠯᠭ᠎ᠠ ᠬᠢᠵᠦ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢᠨ ᠳᠠᠬᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠲᠠ ᠶᠢ ᠤᠭᠲᠤᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠬᠠᠮᠲᠤ ᠪᠠᠷ ᠳᠡᠭᠡᠭᠰᠢᠯᠡᠭᠦᠯᠦᠨ ᠪᠠᠬᠢᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠳᠠᠬᠢᠨ ᠬᠢᠨᠠᠵᠤ ᠰᠢᠯᠭᠠᠨ ᠠᠪᠬᠤ ᠶᠢ ᠨᠢ ᠤᠷᠤᠭᠰᠢᠲᠠᠶ ᠪᠠᠲᠤᠯᠠᠬᠤ ᠬᠡᠷᠡᠭᠲᠡᠶ ᠭᠡᠵᠠᠢ᠃
1694676068322076746.png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号