︽ᠪᠥᠬᠦ ᠣᠷᠣᠨ ᠳᠤ ᠨᠡᠶᠢᠳᠡᠮ ᠭᠦᠢᠴᠡᠳᠭᠡᠬᠦ︾— ᠨᠢᠭᠡ ᠳᠠᠷᠤᠪᠴᠢ ᠪᠠᠷ ᠠᠵᠤ ᠠᠬᠤᠶᠢᠯᠠᠯ ᠤᠨ ᠣᠨᠳᠣᠤ ᠭᠠᠵᠠᠷ ᠲᠤ ᠬᠦᠴᠦᠨ ᠥᠬᠡᠶ ᠪᠣᠯᠭᠠᠬᠤ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2023/9/27
      9 ᠰᠠᠷ᠎ᠠ ᠶᠢᠨ 13᠎ ᠤ ᠡᠳᠦᠷ᠂ ᠠᠵᠤ ᠠᠬᠤᠶᠢᠯᠠᠯ ᠢ ᠬᠦᠴᠦᠨ ᠥᠬᠡᠶ ᠪᠣᠯᠭᠠᠵᠤ ᠰᠢᠢᠤᠡᠪᠤᠷᠢᠯᠡᠵᠤ ᠳᠠᠭᠤᠰᠬᠠᠭᠰᠠᠨ ᠮᠡᠳᠡᠭᠳᠡᠯ ᠤᠨ ᠪᠢᠴᠢᠭ ᠢ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠴᠣᠩᠬᠤ ᠪᠠᠷ ᠣᠷᠳᠣᠰ ᠬᠤᠲᠠ ᠳᠤ ᠢᠯᠡᠭᠡᠪᠡ᠃ ᠡᠨᠡ ᠪᠣᠯ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ︽ᠪᠥᠬᠦ ᠣᠷᠣᠨ ᠳᠤ ᠨᠡᠶᠢᠳᠡᠮ ᠰᠢᠢᠤᠡᠪᠤᠷᠢᠯᠡᠬᠦ︾᠎ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢᠬᠢ ᠪᠠᠰᠠ ᠨᠢᠭᠡᠨ ︽ᠠᠭᠤᠯᠵᠠᠬᠤ ᠥᠬᠡᠶ︾᠎ ᠪᠠᠷ ᠬᠢᠨᠠᠨ ᠵᠥᠪᠰᠢᠶᠡᠷᠡᠵᠦ ᠰᠢᠢᠤᠡᠪᠤᠷᠢᠯᠡᠭᠰᠡᠨ ᠬᠡᠷᠡᠭ ᠤᠨ ᠵᠢᠱᠢᠶ᠎ᠡ ᠪᠣᠯᠤᠨ᠎ᠠ᠃      ᠸᠠᠩ ᠠᠪᠠᠭ᠋ᠠᠶ ᠬᠠᠶᠢᠷᠤᠪ ᠤᠨ ᠲᠣᠬᠤᠢ ᠲᠣᠭᠤᠷᠢᠭ ᠲᠤ ᠨᠢᠭᠡᠨ ᠠᠷᠠᠯᠵᠢᠶ᠎ᠠ ᠬᠤᠳᠠᠯᠳᠤᠭᠠᠨ ᠤ ᠺᠣᠮᠫᠠᠨᠢ ᠡᠵᠡᠩᠨᠡᠵᠦ  ᠪᠠᠶᠢᠨ᠎ᠠ᠂ ᠬᠥᠮᠦᠨ ᠨᠢ ᠭᠠᠳᠠᠨ᠎ᠠ ᠣᠷᠣᠨ ᠳᠤ ᠪᠠᠶᠢᠬᠤ ᠪᠣᠯᠬᠤᠷ ᠪᠡᠶ᠎ᠡ ᠪᠠᠷ ᠢᠶᠠᠨ ᠬᠠᠶᠢᠷᠤᠪ ᠤᠨ ᠲᠣᠬᠤᠢ ᠲᠣᠭᠤᠷᠢᠭ ᠤᠨ ᠴᠣᠩᠬᠤ ᠪᠠᠷ ᠬᠦᠷᠴᠦ ᠬᠦᠴᠦᠨ ᠥᠬᠡᠶ ᠪᠣᠯᠭᠠᠬᠤ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠶᠢᠨ ᠠᠷᠭ᠎ᠠ ᠥᠬᠡᠶ ᠪᠣᠯᠬᠤᠷ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠴᠣᠩᠬᠤ ᠪᠠᠷ ᠳᠠᠮᠵᠢᠭᠤᠯᠤᠨ ᠭᠤᠶᠤᠴᠢᠯᠠᠯ ᠭᠠᠷᠭᠠᠵᠤ ᠪᠠᠶᠢᠪᠠ᠃ ᠭᠤᠶᠤᠴᠢᠯᠠᠯ ᠢ ᠣᠯᠤᠭᠰᠠᠨ ᠤ ᠳᠠᠷᠠᠭ᠎ᠠ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠡᠷᠡ ᠳᠠᠷᠤᠶ ᠳᠤᠨᠢ ᠬᠢᠨᠠᠨ ᠬᠠᠷᠭᠤᠭᠤᠯᠵᠤ ᠭᠥᠯᠢᠶᠡᠨ ᠠᠪᠴᠤ ᠰᠢᠢᠤᠡᠪᠤᠷᠢᠯᠡᠭᠰᠡᠨ ᠪᠥᠭᠡᠳ ᠬᠠᠭᠠᠰ ᠠᠵᠢᠯᠯᠠᠬᠤ ᠡᠳᠦᠷ ᠤᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠳᠡᠩᠰᠡᠯᠡᠯᠲᠡ᠂ ᠰᠢᠯᠵᠢᠭᠦᠯᠦᠯᠲᠡ᠂ ᠰᠢᠢᠤᠡᠪᠤᠷᠢᠯᠡᠵᠤ ᠳᠠᠭᠤᠰᠬᠠᠭᠠᠳ᠂ ᠡᠴᠦᠰ ᠲᠡᠭᠡᠨ ᠦᠷ᠎ᠡ ᠳ᠋ᠦᠩ ᠭᠠᠷᠭᠠᠭᠰᠠᠨ ᠪᠠᠶᠢᠨ᠎ᠠ᠃      ᠣᠨᠳᠣᠣ ᠭᠠᠵᠠᠷ ᠪᠢᠴᠢᠭ ᠮᠠᠲ᠋ᠧᠷᠢᠶᠠᠯ ᠬᠦᠯᠢᠶᠡᠨ ᠠᠪᠬᠤ᠂ ᠠᠯᠤᠰ ᠠᠴᠠ ᠰᠢᠢᠳᠪᠦᠷᠢᠯᠡᠬᠦ᠂ ᠬᠠᠮᠵᠢᠯᠴᠠᠨ ᠬᠠᠮᠲᠤᠷᠠᠯᠴᠠᠬᠤ᠂ ᠰᠢᠤᠳᠠᠨ ᠢᠶᠠᠷ ᠬᠦᠷᠭᠡᠬᠦ ᠁ ᠡᠳᠦᠭᠡ᠂ ᠣᠨᠳᠣᠣ ᠭᠠᠵᠠᠷ ᠲᠤ ᠰᠢᠢᠳᠪᠦᠷᠢᠯᠡᠭᠰᠡᠨ ᠨᠢ ᠨᠢᠭᠡᠨᠲᠡ ᠤᠯᠠᠨ ᠲᠦᠮᠡᠨ ᠢ ᠵᠣᠪᠠᠭᠠᠵᠤ ᠪᠠᠶᠢᠭ᠎ᠠ ᠬᠦᠴᠢᠷ ᠶᠠᠪᠤᠳᠠᠯ ᠪᠢᠰᠢ ᠪᠣᠯᠵᠠᠢ᠃ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠡᠨᠡ ᠵᠢᠯ ᠠᠴᠠ ᠨᠠᠰᠢ ᠠᠵᠤ ᠠᠬᠤᠶᠢᠯᠠᠯ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠬᠤ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ 70 ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠥᠨᠳᠥᠷ ᠳᠠᠪᠲᠠᠮᠵᠢᠲᠤ ᠵᠦᠢᠯᠡᠰ ᠢ ᠨᠡᠶᠢᠲᠡᠯᠡᠪᠡ᠃ ︽ᠨᠢᠭᠡ ᠰᠦᠯᠵᠢᠶ᠎ᠡ︾᠎ ᠨᠢ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾᠎ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠪᠠᠶᠢᠳᠠᠯ ᠢ ᠣᠶᠢᠯᠠᠭᠠᠵᠤ ᠪᠣᠯᠤᠨ᠎ᠠ᠂ ᠡᠨᠡ ᠨᠢ ᠮᠢᠩᠭᠠᠨ ᠭᠠᠵᠠᠷ ᠤᠨ ᠴᠠᠭᠠᠨ᠎ᠠ ᠪᠠᠶᠢᠭ᠎ᠠ ᠦᠬᠠᠶ ᠶᠢᠨ ᠣᠯᠠᠨ ᠲᠦᠮᠡᠨ ᠳᠤ ᠮᠥᠨ ᠯᠡ ︽ᠬᠡᠷ︾᠎ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ ᠴᠢᠳᠠᠨ᠎ᠠ᠃      ︽ᠪᠥᠬᠦ ᠣᠷᠣᠨ ᠤ ᠨᠡᠶᠢᠳᠡᠮ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠳᠡᠯᠭᠡᠷᠡᠭᠦᠯᠦᠭᠰᠡᠨ ᠨᠢ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠠᠷᠢᠭᠤ ᠥᠭᠬᠦ ᠪᠣᠳᠠᠲᠤ ᠠᠵᠢᠯᠯᠠᠭ᠎ᠠ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠦᠷᠭᠦᠯᠵᠢᠯᠡᠨ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡ ᠶᠢ ᠥᠷᠭᠡᠳᠬᠡᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠥᠷᠭᠡᠨ ᠤᠯᠠᠨ ᠠᠷᠠᠳ ᠲᠦᠮᠡᠨ ᠤ ᠣᠨᠳᠣᠣ ᠭᠠᠵᠠᠷ ᠲᠤ ᠠᠵᠢᠯ ᠡᠷᠬᠢᠯᠡᠬᠦ ᠬᠡᠷᠡᠭᠴᠡᠭᠡ ᠶᠢ ᠨᠢ ᠨᠡᠩ ᠰᠠᠶᠢᠲᠤᠷ ᠬᠠᠩᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号