ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠤᠰᠬᠠᠶ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/5
      ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠲᠦᠷᠪᠡᠨ ᠰᠤᠷᠲᠠᠯ︾᠎ ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠤᠯᠠᠭᠠᠨ ᠱᠤᠭᠤᠮ ᠤᠨ ᠤᠬᠠᠮᠰᠠᠷ ᠢ ᠦᠨᠡᠨ ᠬᠦ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠬᠤ ᠶᠢᠨ ᠲᠦᠯᠤᠭᠡ᠃ 9 ᠰᠠᠷ᠎ᠠ ᠶᠢᠨ 4᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠤᠰᠬᠠᠶ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ᠂ ᠲᠣᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠲᠥᠪ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠭᠤᠤᠯ ᠬᠠᠷᠢᠭᠤᠴᠠᠯᠭᠠᠲᠠᠨ᠂ ᠲᠣᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠱᠦᠵᠢ ᠵᠢᠴᠢ ᠰᠤᠷᠭᠠᠭᠤᠯᠢ ᠶᠢᠨ ᠵᠠᠬᠢᠷᠤᠯ 50 ᠭᠠᠷᠤᠶ ᠬᠥᠮᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠲᠤᠬᠠᠶ ᠮᠡᠳᠡᠭᠳᠡᠯ︾᠎ ᠢ ᠤᠯᠠᠮᠵᠢᠯᠠᠵᠤ ᠂ ᠬᠤᠯᠪᠣᠭᠳᠠᠯ ᠪᠥᠬᠦᠶ ᠠᠵᠢᠯ ᠢ ᠨᠢ ᠲᠣᠬᠢᠷᠠᠭᠤᠯᠤᠨ ᠪᠠᠶᠢᠷᠢᠯᠠᠭᠤᠯᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ︾᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠳᠠᠬᠢᠨ ᠡᠭᠦᠰᠬᠦ ᠶᠢ ᠡᠷᠡᠰ ᠰᠡᠷᠭᠡᠶᠢᠯᠡᠬᠦ︾᠂ ︽ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠥᠬᠡᠨᠠᠭᠤᠷ ᠮᠤᠵᠢ ᠶᠢᠨ 6 ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ ᠢ ᠢᠯᠡ ᠪᠠᠷ ᠵᠠᠷᠯᠠᠨ ᠮᠡᠳᠡᠭᠳᠡᠭᠰᠡᠨ 5 ᠠᠰᠠᠭᠤᠳᠠᠯ︾᠂ ︽ᠵᠢᠶᠠᠩᠰᠦ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠡᠭᠦᠳᠡᠷᠯᠡᠨ ᠵᠣᠬᠢᠶᠠᠭᠰᠠᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠨᠢ ᠲᠥᠪᠯᠡᠷᠡᠭᠦᠯᠦᠨ ᠦᠵᠡᠪᠡ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠠᠳᠡᠭᠦᠷᠡᠯ ᠎ ᠢᠶᠠᠨ ᠠᠷᠢᠯᠭᠠᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠯᠳᠠᠭ᠎ᠠ ᠪᠤᠷᠤᠭᠤ ᠦᠵᠡᠯ ᠰᠠᠨᠠᠭ᠎ᠠ ᠶᠢ ᠡᠷᠡᠰ ᠡᠰᠡᠷᠭᠦᠴᠡᠨ ᠬᠤᠷᠢᠭᠯᠠᠬᠤ ᠪᠠ ᠠᠷᠢᠯᠭᠠᠬᠤ ᠬᠡᠷᠡᠭᠲᠡᠶ︔ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠠᠷᠢᠶ᠎ᠠ ᠣᠷᠣᠨ ᠢ ᠰᠠᠶᠢᠲᠤᠷ ᠬᠠᠮᠢᠶᠠᠷᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ︽ᠲᠦᠷᠪᠡᠨ ᠰᠤᠷᠲᠠᠯ︾᠎ ᠢ ᠤᠬᠠᠮᠰᠠᠷ ᠠᠴᠠ ᠪᠠᠨ ᠡᠰᠡᠷᠭᠦᠴᠡᠵᠦ᠂ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ ᠠᠯᠬᠤᠮ ᠠᠯᠬᠤᠮ ᠢᠶᠠᠷ ᠠᠬᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ︔ ᠤᠯᠤᠰ ᠲᠦᠷᠦ ᠶᠢᠨ ᠰᠠᠬᠢᠯᠭ᠎ᠠ ᠪᠠᠲᠤ ᠪᠠ ᠶᠣᠰᠣ ᠲᠦᠷᠢᠮ ᠤᠨ ᠬᠠᠲᠠᠭᠤ ᠬᠢᠵᠠᠭᠠᠷᠯᠠᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠦᠨᠡᠨ ᠬᠦ ᠰᠠᠬᠢᠯᠭ᠎ᠠ ᠪᠠᠲᠤ ᠶᠢ ᠡᠷᠬᠢᠮᠯᠡᠵᠦ᠂ ᠶᠣᠰᠣ ᠲᠦᠷᠢᠮ ᠢ ᠣᠶᠢᠯᠠᠭᠠᠵᠤ᠂ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠷᠢᠭᠤᠨ ᠴᠢᠬᠡᠴᠢ ᠶᠢ ᠪᠠᠲᠤᠯᠠᠬᠤ ᠱᠤᠭᠤᠮ ᠢ ᠪᠠᠲᠤ ᠰᠠᠬᠢᠵᠤ᠂ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠳᠦᠷᠢᠮ ᠲᠣᠭᠲᠠᠭᠠᠯ ᠤᠨ ︽ᠤᠯᠠᠭᠠᠨ ᠱᠤᠭᠤᠮ︾᠎ ᠢ ᠭᠢᠰᠬᠢᠬᠦ ᠦᠭᠡᠢ᠂ ᠰᠠᠬᠢᠯᠭ᠎ᠠ ᠪᠠᠲᠤ ᠶᠢᠨ ︽ᠠᠶᠤᠩᠭᠠᠲᠤ ᠣᠷᠣᠨ︾᠎ ᠳᠤ ᠣᠷᠣᠬᠤ ᠦᠭᠡᠢ᠂ ︽ᠳᠥᠷᠪᠡᠨ ᠰᠤᠷᠲᠠᠯ︾᠎ ᠤᠨ ᠳᠠᠬᠢᠨ ᠡᠭᠦᠰᠬᠦ ᠶᠢ ᠡᠷᠡᠰ ᠰᠡᠷᠭᠡᠶᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠠᠷᠢᠭᠤᠨ ᠴᠢᠬᠡᠴᠢ ᠪᠠᠶᠢᠭᠤᠯᠭ᠎ᠠ︾᠂ ︽ᠠᠷᠢᠭᠤᠨ ᠴᠢᠬᠡᠴᠢ ᠰᠤᠷᠭᠠᠭᠤᠯᠢ︾᠂ ︽ᠠᠷᠢᠭᠤᠨ ᠴᠢᠬᠡᠴᠢ ᠶᠢᠨ ᠬᠥᠮᠦᠵᠢᠯ︾᠎ ᠤᠨ ᠪᠠᠶᠢᠭᠤᠯᠤᠯᠲᠠ ᠶᠢ ᠨᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠲᠤᠰ ᠤᠳᠠᠭ᠎ᠠ ᠶᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ ︽ᠠᠷᠢᠭᠤᠨ ᠴᠢᠬᠡᠴᠢ ᠰᠤᠷᠭᠠᠭᠤᠯᠢ︾᠎ ᠶᠢᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠪᠠᠭᠰᠢ ᠶᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠨᠢ ᠴᠢᠩᠭᠠᠳᠬᠠᠵᠤ ᠂ ᠰᠠᠬᠢᠯᠭ᠎ᠠ ᠪᠠᠲᠤ ᠶᠣᠰᠣ ᠲᠦᠷᠢᠮ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠳᠠ ᠴᠢᠯᠠᠭᠤ ᠮᠡᠲᠦ ᠢᠯᠵᠠᠷᠡᠯ ᠢ ᠡᠰᠡᠷᠭᠦᠴᠡᠬᠦ ᠲᠣᠭᠲᠠᠯ ᠬᠦᠴᠦᠨ ᠢ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ᠂ ᠶᠣᠰᠣ ᠨᠣᠮ ᠲᠠᠢ ᠳᠡᠭᠡᠳᠦ ᠲᠤᠤᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ ᠨᠢᠭᠡᠳᠦᠯᠲᠡᠢ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠦᠷᠢᠯᠳᠦᠭᠦᠯᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号