ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢ ᠭᠤᠶᠤᠴᠢᠯᠠᠵᠤ ᠡᠬᠢᠯᠡᠪᠡ
ᠨᠡᠶᠢᠲᠡᠯᠡᠭᠰᠡᠨ ᠴᠠᠭ᠄
2023/9/7
      ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠴᠢᠳᠠᠪᠤᠷᠢᠲᠠᠨ ᠤᠷᠢᠬᠤ ᠲᠥᠷᠥ ᠶᠢᠨ ᠪᠣᠳᠣᠯᠭ᠎ᠠ ᠪᠠᠷ ᠴᠢᠳᠠᠪᠤᠷᠢᠲᠠᠨ ᠤ ᠠᠵᠢᠯ ᠣᠯᠵᠤ ᠦᠢᠯᠡᠰ ᠪᠤᠰᠬᠠᠬᠤ ᠶᠢ ᠳᠡᠮᠵᠢᠬᠦ ᠢᠵᠢ ᠪᠦᠷᠢᠳᠦᠭᠦᠯᠬᠦ 10 ᠵᠤᠷᠪᠤᠰ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠳᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠳᠤ ᠲᠥᠬᠦᠮ ᠦᠵᠡᠭᠦᠯᠬᠦ ᠶᠢᠨ ᠲᠤᠰᠠᠳᠠ᠂ ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠣᠯᠲᠤ ᠪᠣᠷᠣ ᠶᠢᠨ ᠦᠨᠳᠦᠰᠦ︾ APP᠎ ᠢᠶᠠᠷ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠢ ᠨᠢᠭᠡᠨᠲᠡ ᠡᠬᠢᠯᠡᠭᠦᠯᠪᠡ᠃       ᠲᠠᠨᠢᠯᠴᠠᠭᠤᠯᠤᠭᠰᠠᠨ ᠢᠶᠠᠷ᠂ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠨᠥᠬᠦᠪᠦᠷᠢ ᠣᠯᠭᠤᠬᠤ ᠭᠡᠳᠡᠭ ᠨᠢ᠂ ᠬᠥᠬᠡᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢᠨ ᠬᠠᠮᠲᠤ 3 ᠰᠠᠷ᠎ᠠ ᠵᠢᠴᠢ ᠲᠡᠬᠦᠨ ᠠᠴᠠ ᠳᠡᠭᠡᠭᠰᠢ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤᠰᠢᠶᠠᠬᠰᠠᠨ᠂ ᠲᠡᠭᠦᠰᠦᠭᠡᠳ 2 ᠵᠢᠯ ᠬᠡᠲᠦᠷᠡᠭᠡᠳᠦᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ 2021 ᠣᠨ ᠤ 6 ᠰᠠᠷ᠎ᠠ ᠶᠢᠨ 22᠎ ᠤᠨ ᠡᠳᠦᠷ ᠵᠢᠴᠢ ᠲᠡᠭᠦᠨ ᠠᠴᠠ ᠰᠡᠭᠦᠯᠡᠷ ᠥᠪᠡᠰᠦᠪᠡᠨ ᠭᠡᠷ ᠪᠠᠶᠢᠰᠢᠩ ᠲᠦᠷᠢᠶᠡᠰᠦᠯᠡᠭᠰᠡᠨ ᠪᠤᠯ ᠨᠥᠬᠦᠪᠦᠷᠢ ᠭᠤᠶᠤᠴᠢᠯᠠᠵᠤ ᠪᠣᠯᠣᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠤᠶᠤᠲᠠᠨ ᠳᠤ ᠲᠣᠰᠪᠦᠷᠢ ᠰᠠᠷ᠎ᠠ ᠳᠤ 1000 ᠲᠥᠭᠦᠷᠢᠭ᠂ 800 ᠲᠥᠭᠦᠷᠢᠭ᠂ 500 ᠲᠥᠭᠦᠷᠢᠭ ᠨᠥᠬᠦᠪᠦᠷᠢᠯᠡᠵᠦ᠂ ᠨᠥᠬᠦᠪᠦᠷᠢ ᠶᠢᠨ ᠬᠤᠭᠤᠴᠠᠭ᠎ᠠ ᠶᠢᠨ ᠬᠢᠵᠠᠭᠠᠷ ᠢ 24 ᠰᠠᠷ᠎ᠠ ᠠᠴᠠ ᠬᠡᠲᠦᠷᠡᠭᠦᠯᠬᠦ ᠦᠭᠡᠢ᠃       2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠬᠤᠳᠠᠯᠳᠤᠨ ᠠᠪᠬᠤ ᠨᠥᠬᠦᠪᠦᠷᠢ ᠪᠣᠯ ᠬᠥᠬᠡᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢᠨ ᠬᠠᠮᠲᠤ᠂ ᠬᠠᠤᠯᠢ ᠶᠣᠰᠣᠭᠠᠷ 12 ᠰᠠᠷ᠎ᠠ ᠵᠢᠴᠢ ᠲᠡᠭᠦᠨ ᠠᠴᠠ ᠳᠡᠭᠡᠭᠰᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤᠰᠢᠶᠠᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠨ ᠰᠤᠷᠤᠭᠴᠢᠳ᠂ ᠲᠡᠭᠦᠰᠦᠭᠰᠡᠨ ᠤ ᠳᠠᠷᠠᠭ᠎ᠠ 5 ᠵᠢᠯ ᠤᠨ ᠳᠣᠲᠣᠷ᠎ᠠ ᠠᠩᠬ᠎ᠠ ᠤᠳᠠᠭ᠎ᠠ ᠬᠤᠲᠠ ᠶᠢᠨ ᠬᠡᠪᠴᠢᠶᠡᠨ ᠳᠤ ᠤᠷᠤᠨ ᠰᠠᠭᠤᠴᠠ ᠬᠤᠳᠠᠯᠳᠤᠨ ᠠᠪᠤᠭᠰᠠᠨ ᠪᠥᠭᠡᠳ ᠬᠤᠳᠠᠯᠳᠤᠨ ᠠᠪᠤᠭᠰᠠᠨ ᠴᠠᠭ ᠨᠢ 2021 ᠣᠨ ᠤ 6 ᠰᠠᠷ᠎ᠠ ᠶᠢᠨ 22᠎ ᠤᠨ ᠡᠳᠦᠷ ᠵᠢᠴᠢ ᠲᠡᠭᠦᠨ ᠠᠴᠠ ᠰᠡᠭᠦᠯᠡᠷ ᠪᠤᠯ ᠨᠥᠬᠦᠪᠦᠷᠢ ᠭᠤᠶᠤᠴᠢᠯᠠᠵᠤ ᠪᠣᠯᠣᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠰᠤᠷᠤᠭᠴᠢ ᠳᠤ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠨᠥᠬᠦᠪᠦᠷᠢ ᠥᠭᠭᠦᠨ᠎ᠡ᠃ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ ᠤᠳᠤ ᠠᠴᠠ ᠡᠬᠢᠯᠡᠨ 2024 ᠣᠨ ᠤ 1 ᠰᠠᠷ᠎ᠠ ᠪᠣᠯᠲᠠᠯ᠎ᠠ ᠦᠷᠬᠦᠯᠵᠢᠯᠡᠵᠦ᠂ ᠰᠠᠷ᠎ᠠ ᠪᠦᠷᠢ ᠶᠢᠨ 10᠎ ᠠᠴᠠ 20᠎ ᠤ ᠡᠳᠦᠷ ᠪᠣᠯᠲᠠᠯ᠎ᠠ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠨ᠎ᠡ᠃       ᠭᠤᠶᠤᠴᠢᠯᠠᠭᠴᠢ ᠨᠢ ︽ᠭᠤᠣᠯᠲᠤ ᠪᠣᠷᠣ ᠶᠢᠨ ᠦᠨᠳᠦᠰᠦ︾ APP᠎ ᠳᠤ ᠭᠤᠶᠤᠴᠢᠯᠠᠬᠤ ᠮᠠᠲ᠋ᠧᠷᠢᠶᠠᠯ ᠢᠶᠠᠨ ᠲᠠᠭᠯᠠᠨ ᠮᠡᠳᠡᠭᠦᠯᠵᠦ᠂ ᠬᠢᠨᠠᠨ ᠬᠠᠷᠭᠤᠭᠤᠯᠤᠭᠰᠠᠨ ᠠᠬᠢᠴᠠ ᠶᠢ ᠮᠥᠨ ᠰᠦᠯᠵᠢᠶᠡᠨ ᠳᠡᠭᠡᠷ᠎ᠡ ᠦᠵᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号