1 ᠰᠠᠷ᠎ᠠ ᠶᠢᠨ 8 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠠᠷᠠᠳ ᠤᠨ ᠠᠭᠤᠳᠠᠮ ᠲᠠᠯᠠᠪᠠᠢ ᠶᠢ | ᠥᠭᠡᠷᠡᠴᠢᠯᠡᠨ ᠪᠠᠶᠢᠭᠤᠯᠬᠤ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ᠃ ᠬᠠᠶᠢᠷᠤᠪ ᠤᠨ ᠲᠣᠬᠤᠢ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠦ ᠯᠢ ᠬᠤᠸᠠ | ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠠᠭᠤᠳᠠᠮ | ᠲᠠᠯᠠᠪᠠᠢ ᠶᠢᠨ ᠵᠢᠷᠤᠭ ᠲᠥᠯᠥᠪᠯᠡᠭᠡ ᠶᠢᠨ ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠠᠶᠢᠷᠤᠪ ᠤᠨ | ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠡᠯ᠎ᠡ ᠬᠤᠯᠪᠣᠭᠳᠠᠯ ᠪᠦᠬᠦᠢ ᠨᠢᠭᠡᠴᠢ ᠵᠢᠷᠤᠭ ᠲᠥᠯᠥᠪᠯᠡᠭᠡ ᠶᠢᠨ | ᠲᠥᠰᠦᠯ ᠤᠨ ᠲᠣᠭᠤᠷᠢᠨ ᠳᠤ ᠥᠷᠭᠡᠨ ᠢᠶᠠᠷ ᠶᠠᠷᠢᠯᠴᠠᠨ ᠰᠣᠯᠢᠯᠴᠠᠪᠠ᠃ | ᠶᠠᠷᠢᠯᠴᠠᠭ᠎ᠠ ᠰᠣᠯᠢᠯᠴᠠᠭ᠎ᠠ ᠳᠤᠮᠳᠠ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠢᠳᠡᠪᠬᠢᠲᠡᠶ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠲᠠ ᠶᠢᠨ ᠠᠷᠠᠳ ᠤᠨ ᠠᠭᠤᠳᠠᠮ ᠲᠠᠯᠠᠪᠠᠶ ᠶᠢᠨ ᠢᠵᠢ | ᠪᠥᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ ᠲᠡᠭᠦᠯᠳᠡᠷᠵᠢᠭᠦᠯᠬᠦ ᠵᠡᠷᠭᠡ ᠪᠣᠳᠠᠲᠠᠶ ᠠᠰᠠᠭᠤᠳᠠᠯ ᠤᠨ ᠲᠤᠬᠠᠶ ᠥᠪᠡᠷ | ᠥᠪᠡᠷ ᠤᠨ ᠰᠠᠨᠠᠯ ᠢᠶᠠᠨ ᠶᠠᠷᠢᠵᠤ᠂ ᠮᠠᠰᠢ ᠰᠠᠶᠢᠨ ᠰᠠᠨᠠᠯ ᠪᠠ ᠰᠠᠨᠠᠭᠤᠯᠭ᠎ᠠ ᠳᠤᠷᠠᠳᠴᠤ᠂ ᠲᠤᠬᠠᠶ ᠶᠢᠨ ᠲᠠᠯᠠᠪᠠᠶ ᠶᠢᠨ | ᠠᠭᠤᠷ ᠠᠮᠢᠰᠬᠤᠯ ᠬᠥᠷ ᠬᠥᠭᠵᠢᠶᠡᠨ ᠲᠠᠢ ᠪᠥᠭᠡᠳ ᠡᠮᠬᠢ ᠵᠢᠷᠤᠮ ᠲᠠᠢ ᠪᠠᠶᠢᠯ᠎ᠠ᠃ | 12 ᠰᠠᠷ᠎ᠠ ᠶᠢᠨ 9 ᠤ ᠡᠳᠦᠷ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ | ᠲᠥᠪ ᠡᠯ᠎ᠡ ᠲᠣᠮᠣ ᠰᠢᠨ᠎ᠡ ᠵᠠᠭᠤᠴᠢᠯᠠᠭᠤᠷ ᠤᠨ ᠲᠠᠪᠴᠠᠩ ᠳᠤ ︽ᠬᠤᠲᠠ ᠶᠢᠨ ᠠᠷᠠᠳ ᠤᠨ ᠠᠭᠤᠳᠠᠮ ᠲᠠᠯᠠᠪᠠᠶ ᠶᠢ | ᠥᠭᠡᠷᠡᠴᠢᠯᠡᠬᠦ︾ ᠰᠠᠨᠠᠯ ᠬᠤᠷᠢᠶᠠᠭᠰᠠᠨ ᠠᠴᠠ ᠨᠠᠰᠢ᠂ ᠨᠢᠭᠡᠨᠲᠡ ᠳᠥᠷᠪᠡᠨ ᠬᠤᠭᠤᠴᠠᠭ᠎ᠠ ᠨᠡᠪᠲᠡᠷᠡᠭᠦᠯᠵᠦ᠂ | ᠬᠤᠲᠠ ᠶᠢᠨ ᠠᠷᠠᠳ ᠣᠯᠠᠨ᠂ ᠬᠤᠶᠠᠷ ᠲᠥᠯᠥᠭᠡᠯᠡᠭᠴᠢ ᠨᠢᠭᠡ ᠭᠡᠰᠢᠭᠦᠨ᠂ ᠴᠡᠴᠡᠷᠯᠢᠭ ᠤᠨ ᠵᠢᠷᠤᠭ ᠲᠥᠯᠥᠪᠯᠡᠭᠴᠢ | ᠪᠠ ᠠᠵᠤ ᠠᠬᠤᠶᠢᠯᠠᠯ ᠤᠨ ᠲᠥᠯᠥᠭᠡᠯᠡᠭᠴᠢ ᠶᠢᠨ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ | ᠴᠤᠭᠯᠠᠭᠤᠯᠵᠤ᠂ ᠣᠲᠣ ᠨᠢᠭᠡᠨᠲᠡ 388 ᠵᠤᠷᠪᠤᠰ ᠦᠭᠡ ᠦᠯᠡᠳᠡᠭᠡᠵᠦ᠂ ᠡᠭᠦᠨ ᠳᠤ ᠳᠠᠭᠤᠤ ᠬᠥᠭᠵᠢᠮ ᠤᠨ | ᠰᠦᠷᠴᠢᠮᠡᠯ ᠪᠤᠯᠠᠭ ︵59 ᠵᠤᠷᠪᠤᠰ︶ 26% ᠶᠢ ᠡᠵᠡᠯᠡᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠵᠡᠮᠵᠢ | ᠪᠤᠶᠤ ᠣᠷᠳᠣ ᠬᠤᠩᠭᠢᠯ ᠵᠡᠷᠭᠡ ᠰᠡᠯᠡᠭᠦᠴᠡᠯ ᠵᠤᠭ᠎ᠠ ᠴᠡᠩᠭᠡᠯ ᠤᠨ ᠲᠥᠬᠦᠭᠡᠷᠦᠮᠵᠢ ︵42 ᠵᠤᠷᠪᠤᠰ︶ 19% ᠶᠢ | ᠡᠵᠡᠯᠡᠵᠦ᠂ ᠠᠮᠲᠠᠲᠤ ᠢᠳᠡᠭᠡᠨ ᠤ ᠠᠭᠤᠳᠠᠮ ᠲᠠᠯᠠᠪᠠᠶ ᠪᠤᠶᠤ ᠰᠥᠨᠢ ᠶᠢᠨ ᠵᠠᠬ᠎ᠠ ᠳᠡᠯᠭᠡᠭᠦᠷ ᠤᠨ ᠵᠢᠵᠢᠭ ᠢᠳᠡᠭᠡᠨ ᠤ | ᠳᠡᠯᠭᠡᠭᠦᠷ ︵23 ᠵᠤᠷᠪᠤᠰ︶ 10% ᠶᠢ ᠡᠵᠡᠯᠡᠵᠦ᠂ ᠵᠠᠮ ᠤᠨ ᠭᠠᠳᠠᠷᠭᠤ ᠶᠢ ᠲᠡᠪᠢᠰᠬᠦ ︵21 ᠵᠤᠷᠪᠤᠰ︶ 9 | % ᠶᠢ ᠡᠵᠡᠯᠡᠪᠡ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠤᠳᠠ ᠶᠢᠨ ᠠᠷᠠᠳ ᠤᠨ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠵᠢᠷᠤᠭ | ᠲᠥᠯᠥᠪᠯᠡᠭᠡ ᠶᠢᠨ ᠨᠢᠭᠡᠴᠢ ᠶᠢᠨ ᠬᠢᠨ ᠠᠷᠠᠳ ᠤᠨ ᠠᠭᠤᠳᠠᠮ ᠲᠠᠯᠠᠪᠠᠢ ᠶᠢᠨ ᠣᠳᠣᠬᠢ ᠪᠠᠶᠢᠳᠠᠯ᠂ ᠲᠡᠦᠬᠡ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠤᠳᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠠᠷᠠᠳ ᠤᠨ ᠠᠭᠤᠳᠠᠮ ᠲᠠᠯᠠᠪᠠᠢ ᠶᠢᠨ ᠲᠤᠮᠤ ᠬᠡᠯᠪᠡᠷᠢ ᠶᠢᠨ ᠴᠤᠭᠯᠠᠭᠠᠨ ᠤ ᠰᠢᠨᠵᠢ ᠴᠢᠨᠠᠷ᠂ | ᠠᠷᠠᠳᠴᠢ ᠴᠢᠨᠠᠷ᠂ ᠴᠠᠭ ᠦᠶᠡᠴᠢ ᠴᠢᠨᠠᠷ ᠢ ᠬᠠᠷᠠᠭᠤᠯᠵᠤ ᠪᠠᠶᠢᠨ᠎ᠠ︔ ᠡᠭᠦᠨ ᠤ ᠬᠠᠮᠲᠤ ᠠᠭᠤᠳᠠᠮ ᠲᠠᠯᠠᠪᠠᠢ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠤᠯᠠᠨ ᠨᠡᠶᠢᠲᠡ ᠶᠢᠨ ᠰᠠᠭᠤᠷᠢ ᠦᠢᠯᠡᠴᠢᠯᠡᠭᠡᠨ ᠤ ᠴᠢᠳᠠᠮᠵᠢ ᠶᠢ | ᠲᠡᠭᠦᠯᠳᠡᠷᠵᠢᠭᠦᠯᠬᠦ ᠲᠠᠢ ᠤᠶᠠᠯᠳᠤᠭᠤᠯᠵᠤ᠂ ᠵᠠᠷᠢᠮ ᠬᠤᠳᠠ ᠶᠢᠨ ᠠᠷᠠᠳ ᠤᠨ ᠣᠷᠣᠯᠴᠠᠬᠤ ᠴᠢᠨᠠᠷ ᠪᠣᠯᠤᠨ ᠬᠠᠷᠢᠯᠴᠠᠨ | ᠬᠥᠳᠡᠯᠦᠯᠴᠡᠬᠦ ᠴᠢᠨᠠᠷᠲᠠᠢ ᠲᠥᠬᠦᠭᠡᠷᠦᠮᠵᠢ ᠶᠢ ᠨᠡᠮᠡᠭᠳᠡᠭᠦᠯᠵᠦ᠂ ᠪᠣᠬᠢᠷᠲᠤᠯ ᠦᠭᠡᠢ ᠤᠢ ᠳᠤ ᠰᠡᠯᠡᠭᠦᠴᠡᠯ ᠵᠤᠭ᠎ᠠ | ᠴᠡᠩᠭᠡᠯ ᠤᠨ ᠪᠠᠶᠠᠷᠲᠤ ᠪᠠᠶᠢᠳᠠᠯ ᠢ ᠢᠯᠡᠷᠡᠭᠦᠯᠵᠦ᠂ ᠠᠷᠠᠳ ᠤᠨ ᠠᠭᠤᠳᠠᠮ ᠲᠠᠯᠠᠪᠠᠢ ᠶᠢ ᠳᠡᠭᠡᠭᠰᠢᠯᠡᠭᠦᠯᠦᠨ | ᠥᠭᠡᠷᠡᠴᠢᠯᠡᠬᠦ ᠶᠢ ᠤᠯᠠᠨ ᠲᠦᠮᠡᠨ ᠲᠠᠢ ᠨᠡᠩ ᠣᠶᠢᠷᠠᠲᠤᠭᠤᠯᠵᠤ᠂ ᠠᠷᠠᠳ ᠤᠨ ᠰᠠᠨᠠᠭᠠᠨ ᠳᠤ ᠨᠡᠩ ᠰᠠᠶᠢᠨ | ᠦᠢᠯᠡᠴᠢᠯᠡᠵᠦ᠂ ᠠᠷᠠᠳ ᠤᠯᠠᠨ ᠳᠤ ᠨᠡᠩ ᠰᠠᠶᠢᠨ ᠦᠢᠯᠡᠴᠢᠯᠡᠭᠦᠯᠦᠨ᠎ᠡ᠃ |