ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/10
    1 ᠰᠠᠷ᠎ᠠ ᠶᠢᠨ 9᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠰᠢᠤ ᠮᠧᠢ ᠬᠤᠷᠠᠯ ᠢ ᠡᠷᠬᠢᠯᠡᠪᠡ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠪᠠ︔ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠪᠠ︔ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠪᠠ︔ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠢ ᠮᠡᠳᠡᠭᠦᠯᠦᠯᠲᠡ ᠶᠢ ᠨᠢ ᠬᠢᠨᠠᠨ ᠵᠥᠪᠯᠡᠪᠡ᠃    ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠠᠭᠤᠰᠤᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠬᠠᠮᠲᠤᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ  ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号