ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ 8 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/13
    1 ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ 8 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾᠎ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠯᠤᠰ ᠲᠥᠷᠦ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠪᠣᠷ ᠢᠶᠠᠨ ᠲᠥᠪ ᠪᠣᠯᠭᠠᠵᠤ᠂ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ ᠶᠢ ᠪᠣᠶ ᠪᠣᠯᠭᠠᠵᠤ᠂ ᠥᠪᠡᠷ ᠢ ᠪᠠᠨ ᠪᠠᠶᠢᠴᠠᠭᠠᠬᠤ ᠠᠵᠢᠯ ᠢ ᠦᠨᠡᠨ ᠢ ᠪᠠᠷᠢᠮᠲᠠᠯᠠᠨ ᠥᠷᠨᠢᠭᠦᠯᠵᠦ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾᠎ ᠤᠨ ᠳᠠᠯᠳᠠ ᠴᠢᠨᠠᠷ ᠵᠡᠷᠭᠡ ᠣᠨᠴᠠᠯᠢᠭ ᠢ ᠠᠩᠬᠠᠷᠴᠤ᠂ ᠱᠠᠭᠠᠷᠳᠠᠯᠭ᠎ᠠ ᠲᠠᠢ ᠬᠠᠷᠢᠴᠠᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ︔ ᠰᠠᠭᠤᠷᠢ ᠶᠢ ᠪᠠᠲᠤ ᠲᠠᠯᠪᠢᠵᠤ᠂ ᠠᠰᠠᠭᠤᠳᠠᠯ ᠢ ᠳᠠᠬᠢᠨ ᠲᠣᠳᠣᠷᠬᠠᠶ ᠣᠶᠢᠯᠠᠭᠠᠬᠤ ᠬᠡᠷᠡᠭᠲᠡᠶ᠃ ᠰᠠᠶᠢᠲᠤᠷ ᠪᠠᠶᠢᠴᠠᠭᠠᠨ ᠳᠣᠲᠣᠯᠠᠵᠤ᠂ ᠠᠰᠠᠭᠤᠳᠠᠯ ᠤᠨ ᠲᠤᠭ᠎ᠠ ᠶᠢ ᠲᠣᠳᠣᠷᠬᠠᠢ ᠪᠣᠯᠭᠠᠵᠤ᠂ ᠣᠨᠣᠪᠴᠢᠲᠠᠢ ᠮᠠᠭᠠᠳᠯᠠᠨ ᠲᠣᠭᠲᠠᠭᠠᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠦᠷ᠎ᠡ ᠪᠦᠲᠦᠭᠡᠯ ᠪᠣᠯᠣᠨ ᠥᠩᠭᠡᠷᠡᠭᠰᠡᠨ ᠤ ᠬᠢᠨᠠᠨ ᠪᠣᠳᠣᠯᠲᠠ᠂ ᠲᠣᠭᠤᠷᠢᠨ ᠪᠠᠶᠢᠴᠠᠭᠠᠯᠲᠠ᠂ ᠰᠢᠪᠠᠳᠠᠨ ᠪᠠᠶᠢᠴᠠᠭᠠᠯᠲᠠ᠂ ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠰᠠ ᠵᠠᠬᠢᠳᠠᠯ ᠰᠤᠷᠪᠤᠯᠵᠢᠯᠠᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠳᠤᠮᠳᠠ ᠲᠥᠪᠯᠡᠷᠡᠭᠦᠯᠦᠨ ᠲᠤᠰᠬᠠᠭᠰᠠᠨ ᠪᠠᠶᠢᠳᠠᠯ ᠪᠠᠶᠢᠬᠤ ᠡᠰᠡᠬᠦ ᠶᠢ ᠡᠮᠬᠢᠯᠡᠵᠦ᠂ ᠰᠠᠭᠤᠷᠢ ᠲᠤᠭ᠎ᠠ ᠶᠢ ᠲᠠᠬᠢᠨ ᠲᠣᠳᠣᠷᠬᠠᠢ ᠪᠣᠯᠭᠠᠵᠤ᠂ ᠬᠠᠲᠠᠭᠤ ᠲᠠᠢ ᠬᠠᠯᠳᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨ ᠪᠣᠳᠠᠲᠠᠢ ᠪᠥᠭᠡᠳ ᠪᠦᠲᠦᠮᠵᠢᠲᠡᠢ ᠪᠠᠶᠢᠯᠭᠠᠬᠤ ᠬᠡᠷᠡᠭᠲᠡᠢ᠃ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠦᠭᠡᠶ᠂ ᠪᠦᠷᠢᠯᠭᠡᠨ ᠰᠦᠢᠳᠭᠡᠬᠦ ᠦᠭᠡᠶ ᠪᠠᠶᠢᠵᠤ᠂ ᠵᠢᠷᠭᠤᠭᠠᠨ ᠱᠠᠭᠠᠷᠳᠠᠯᠭ᠎ᠠ ᠶᠣᠰᠣᠭᠠᠷ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠥᠭᠡᠷᠡᠴᠢᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠮᠵᠢ ᠶᠢ ᠲᠣᠪᠤᠶᠢᠯᠭᠠᠨ᠂ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ᠂ ᠪᠦᠬᠦᠯᠢ ᠪᠦᠯᠦᠭ ᠢᠶᠠᠷ ᠪᠠᠶᠢᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠦᠨᠡᠨᠬᠦ ᠪᠠᠶᠢᠴᠠᠭᠠᠵᠤ ᠦᠨᠡᠨᠬᠦ ᠰᠠᠶᠢᠵᠢᠷᠠᠭᠤᠯᠵᠤ ᠲᠦᠢᠯᠪᠤᠷᠢᠲᠠᠢ ᠥᠭᠡᠷᠡᠴᠢᠯᠡᠬᠦ ᠶᠢ ᠪᠡᠶᠡᠯᠡᠭᠦᠯᠵᠦ᠂ ᠲᠥᠰᠦᠯ ᠪᠣᠯᠤᠨ ᠠᠬᠢᠴᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶᠠᠨ ᠤ ᠬᠠᠷᠢᠭᠤᠴᠠᠯᠭ᠎ᠠ ᠪᠠ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾᠎ ᠢ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠬᠦᠴᠦᠲᠡᠶ ᠠᠬᠢᠭᠤᠯᠵᠤ᠂ ᠴᠢᠩᠭ᠎ᠠ ᠱᠠᠯᠠᠪᠳᠠᠭᠤᠯᠤᠨ ᠪᠣᠳᠠᠲᠠᠶ ᠵᠢᠯᠣᠭᠤᠳᠬᠤ ᠬᠡᠷᠡᠭᠲᠡᠶ︔ ᠦᠨᠡᠨ ᠬᠦ ᠪᠠᠶᠢᠴᠠᠭᠠᠨ ᠪᠣᠳᠠᠲᠠᠶ ᠰᠠᠶᠢᠵᠢᠷᠠᠭᠤᠯᠵᠤ᠂ ᠰᠠᠬᠢᠯᠭ᠎ᠠ ᠪᠠᠲᠤ ᠶᠢ ᠳᠠᠬᠢᠨ ᠲᠥᠪ ᠴᠢᠩᠭ᠎ᠠ ᠪᠠᠶᠢᠯᠭᠠᠬᠤ ᠬᠡᠷᠡᠭᠲᠡᠶ᠃ ᠬᠤᠲᠠ ᠶᠢᠨ ᠵᠣᠴᠢᠳ ᠤᠨ ᠲᠢᠩᠬᠢᠮ᠂ ᠬᠤᠲᠠ ᠶᠢᠨ ᠲᠥᠯᠥᠪᠵᠢᠭᠦᠯᠭᠡ ᠶᠢᠨ ᠣᠷᠳᠣᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠰᠢᠭᠯᠠᠯᠲᠠ ᠶᠢᠨ ᠨᠣᠷᠮ᠎ᠠ ᠳᠣᠤᠷ᠎ᠠ ᠵᠡᠷᠭᠡ ᠠᠰᠠᠭᠤᠳᠠᠯ ᠢ ᠠᠩᠬᠠᠷᠴᠤ᠂ ᠰᠢᠨ᠎ᠡ ᠬᠡᠯᠪᠡᠷᠢ ᠶᠢᠨ ᠦᠵᠡᠯ᠂ ᠢᠯᠠᠩᠭᠤᠶ᠎ᠠ ︽ᠳᠣᠤᠷ᠎ᠠ ᠲᠠᠰ ᠤᠨ ᠤᠯᠠᠭᠠᠨ ᠳᠡᠭᠡᠳᠦ ᠲᠠᠰ ᠤᠨ ᠬᠠᠷ᠎ᠠ︾᠎ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ︽ᠰᠢᠨ᠎ᠡ ᠲᠦᠷᠢ ᠲᠦᠷᠬᠦ ᠶᠢᠨ ᠢᠨᠵᠧᠨᠧᠷᠢᠩ︾᠎ ᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠴᠢᠬᠤᠯᠠ ᠠᠭᠤᠯᠭ᠎ᠠ ᠪᠣᠯᠭᠠᠵᠤ᠂ ᠤᠯᠠᠨ ᠲᠦᠮᠡᠨ ᠤ ᠮᠡᠳᠡᠷᠡᠮᠵᠢ ᠶᠢ ᠳᠡᠭᠡᠭᠰᠢᠯᠡᠭᠦᠯᠬᠦ ᠬᠡᠷᠡᠭᠲᠡᠢ︔ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠲᠠᠷᠢᠶᠠᠨ ᠭᠠᠵᠠᠷ ᠲᠤ ᠬᠦᠷᠴᠦ᠂ ᠵᠡᠭᠡᠯᠢ ᠭᠤᠳᠤᠮᠵᠢ ᠪᠠᠷ ᠬᠦᠷᠴᠦ᠂ ᠲᠦᠭ ᠲᠦᠮᠡᠨ ᠠᠶᠢᠯ ᠡᠷᠦᠬᠡ ᠳᠤ ᠬᠦᠷᠴᠦ᠂ ᠦᠨᠳᠦᠰᠦᠨ ᠱᠠᠲᠤᠨ ᠤ ᠺᠠᠳ᠋ᠷᠴᠤᠳ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠦᠨᠳᠦᠰᠦᠨ ᠱᠠᠲᠤᠨ ᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠤᠭᠯᠠᠭᠤᠯᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠲᠠᠭᠤᠨ ᠢ ᠰᠣᠨᠣᠰᠴᠤ᠂ ᠤᠯᠠᠨ ᠲᠦᠮᠡᠨ ᠤ ᠬᠠᠩᠭᠠᠭᠰᠠᠨ ᠰᠠᠨᠠᠯ ᠢ ᠨᠠᠷᠢᠨ ᠬᠢᠨᠠᠮᠠᠭᠠᠢ ᠳ᠋ᠦᠩᠨᠡᠵᠦ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠠᠶᠢᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠤ ᠴᠢᠬᠤᠯᠠᠴᠢᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号