ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2024/1/15
    2024 ᠣᠨ ᠤ ᠴᠠᠭᠠᠨ ᠰᠠᠷ᠎ᠠ ᠣᠶᠢᠷᠠᠳᠴᠤ᠂ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠴᠡᠭᠡᠯ ᠠᠭᠤᠯᠠ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 9.9873 ᠲᠦᠮᠡᠨ ᠲᠥᠭᠦᠷᠢᠭ ᠤᠨ ᠠᠮᠤ ᠪᠤᠳᠠᠭ᠎ᠠ ᠲᠣᠰᠣᠨ ᠤ ᠡᠳ᠋ ᠪᠣᠳᠠᠰ ᠲᠠᠷᠬᠠᠭᠠᠵᠤ᠂ ᠡᠳ᠋ ᠪᠣᠳᠠᠰ ᠢ ᠡᠯ᠎ᠡ ᠪᠠᠯᠭᠠᠰᠤ᠂ ᠠᠯᠪᠠᠨ ᠭᠡᠷ ᠠᠴᠠ ᠬᠦᠴᠢᠷᠳᠡᠯᠲᠡᠶ ᠬᠡᠷ ᠪᠦᠯᠢ ᠳᠤ ᠴᠠᠭ ᠲᠤᠬᠠᠶ ᠳᠤᠨᠢ ᠲᠠᠷᠬᠠᠭᠠᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠠᠪᠰᠤᠷᠬᠤ ᠴᠢᠬᠤᠯᠠᠲᠠᠶ ᠣᠯᠠᠨ ᠲᠦᠮᠡᠨ ᠤ ᠭᠠᠷ ᠲᠤ ᠬᠦᠷᠭᠡᠨ᠎ᠡ᠃    ᠠᠵᠢᠯᠯᠠᠭ᠎ᠠ ᠶᠢᠨ ᠳᠤᠮᠳᠠ᠂ ᠬᠠᠶᠢᠷᠤᠪ ᠤᠨ ᠲᠣᠬᠤᠢ ᠲᠣᠭᠤᠷᠢᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠠᠵᠢᠯᠲᠠᠳ ᠴᠡᠭᠡᠯ ᠠᠭᠤᠯᠠ ᠪᠠᠯᠭᠠᠰᠤᠨ ᠤ ᠭᠡᠷ ᠲᠡᠭᠡᠨ ᠬᠤᠴᠣᠷᠤᠭᠰᠠᠨ ᠬᠡᠤᠬᠡᠳ᠂ ᠬᠦᠴᠢᠷᠳᠡᠯᠲᠡᠶ ᠨᠠᠰᠤᠲᠠᠶᠢᠴᠤᠳ ᠲᠤ ᠵᠢᠯ ᠤᠨ ᠡᠮᠦᠨᠡᠬᠢ ᠲᠣᠬᠤᠨᠢᠭᠤᠯᠤᠯ ᠬᠢᠵᠦ᠂ ᠦᠨᠢᠶᠡᠨ ᠰᠦ᠂ ᠲᠣᠰᠣ ᠵᠡᠷᠭᠡ ︽ᠰᠡᠳᠬᠢᠯ ᠢ ᠳᠤᠯᠠᠭᠠᠴᠠᠭᠤᠯᠬᠤ︾ ᠠᠮᠢᠳᠤᠷᠠᠯ ᠤᠨ ᠬᠡᠷᠡᠭᠰᠡᠯ ᠪᠠ ᠲᠣᠬᠤᠨᠢᠭᠤᠯᠬᠤ ᠮᠥᠩᠭᠦ ᠬᠦᠷᠭᠡᠪᠡ᠃    ᠠᠵᠢᠯᠲᠠᠳ ᠣᠶᠢᠷ᠎ᠠ ᠵᠠᠢ ᠶᠢᠨ ᠵᠣᠯᠭᠠᠯᠴᠠᠭ᠎ᠠ ᠪᠠ ᠬᠠᠯᠠᠭᠤᠨ ᠰᠡᠳᠬᠢᠯ ᠤᠨ ᠰᠣᠯᠢᠯᠴᠠᠭ᠎ᠠ ᠪᠠᠷ ᠬᠡᠦᠬᠡᠳ ᠤᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠡᠦᠬᠡᠳ ᠤᠳ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠳᠡᠷᠭᠡᠳᠡᠬᠢ ᠲᠦᠷᠦᠯ ᠰᠠᠳᠤᠨ ᠢᠶᠠᠨ ᠠᠴᠢᠯᠠᠵᠤ᠂ ᠨᠠᠮ ᠪᠠ ᠡᠬᠡ ᠤᠯᠤᠰ ᠲᠠᠭᠠᠨ ᠲᠠᠯᠠᠷᠬᠠᠬᠤ ᠶᠢ ᠵᠣᠷᠢᠭᠵᠢᠭᠤᠯᠵᠤ᠂ ᠬᠡᠦᠬᠡᠳ ᠤᠳ ᠴᠦ ᠢᠳᠡᠪᠬᠢᠲᠡᠢ ᠰᠡᠳᠬᠢᠴᠡ ᠶᠢᠨ ᠣᠪᠣᠷ ᠢᠶᠠᠷ ᠰᠠᠶᠢᠲᠤᠷ ᠠᠮᠢᠳᠤᠷᠠᠵᠤ ᠰᠤᠷᠤᠯᠴᠠᠵᠤ᠂ ᠡᠷᠲᠡᠬᠡᠨ ᠥᠪᠡᠷ ᠤᠨ ᠬᠦᠰᠡᠯ ᠵᠡᠭᠦᠳᠦ ᠪᠠᠨ ᠪᠡᠶᠡᠯᠡᠭᠦᠯᠬᠦ ᠪᠠᠷ ᠴᠢᠷᠮᠠᠶᠢᠵᠤ᠂ ᠰᠢᠯᠢᠳᠡᠭ ᠰᠤᠷᠤᠯᠭ᠎ᠠ ᠶᠢᠨ ᠬᠢᠷᠢ ᠪᠦᠲᠦᠮᠵᠢ ᠪᠠᠷ ᠢᠶᠠᠨ ᠭᠡᠷ ᠤᠨ ᠬᠥᠮᠦᠰ ᠤᠨ ᠢᠶᠠᠨ ᠬᠤᠪᠢ ᠨᠡᠮᠡᠷᠢ ᠶᠢ ᠬᠠᠷᠢᠭᠤᠯᠤᠨ᠎ᠠ ᠭᠡᠵᠦ ᠢᠯᠡᠳᠬᠡᠪᠡ᠃    ᠬᠠᠶᠢᠷᠤᠪ ᠤᠨ ᠲᠤᠬᠤᠢ ᠲᠣᠭᠤᠷᠢᠭ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠲᠣᠬᠤᠨᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠴᠢᠷᠳᠡᠯᠲᠡᠢ ᠤᠯᠠᠨ ᠲᠦᠮᠡᠨ ᠢ ᠠᠩᠬᠠᠷᠴᠤ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠢ ᠤᠯᠠᠨ ᠲᠦᠮᠡᠨ ᠤ ᠰᠡᠳᠬᠢᠯ ᠳᠤ ᠬᠦᠷᠭᠡᠵᠦ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠪᠣᠯᠤᠨ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠪᠣᠯᠬᠤ ᠦᠢᠯᠡᠳᠦᠯ ᠢ ᠤᠯᠠᠮ ᠴᠢᠨᠠᠭᠰᠢᠳᠠ ᠰᠠᠶᠢᠲᠤᠷ ᠪᠠᠳᠠᠷᠠᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号