ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/15
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠧᠩ ᠮᠢᠩ ᠯᠢᠨ ᠬᠤᠷᠠᠯ ᠢ ᠡᠷᠬᠢᠯᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 1 ᠰᠠᠷ᠎ᠠ ᠶᠢᠨ 4᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠶ︔ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠲᠤᠯᠤᠭᠠᠨ ᠵᠦᠢᠯ ᠪᠤᠢ︾ ᠪᠠᠶᠢᠬᠤ ᠠᠰᠠᠭᠤᠳᠠᠯ ᠢ ᠴᠢᠩᠭ᠎ᠠ ᠠᠩᠬᠠᠷᠴᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾᠎ ᠢ ᠣᠨᠣᠪᠴᠢᠲᠠᠢ ᠬᠡᠷᠡᠭᠯᠡᠵᠦ᠂ ᠵᠥᠪ ᠣᠨᠣᠪᠴᠢᠲᠠᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号