ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 107 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/15
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 107 ᠳ᠋ᠤᠭᠠᠷ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠠᠶᠢᠷᠤᠪ ᠤᠨ ᠲᠤᠬᠤᠢ ᠲᠣᠭᠤᠷᠢᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ︵ᠬᠦᠷᠭᠡᠨ ᠬᠢᠨᠠᠭᠤᠯᠬᠤ ᠨᠤᠤᠷᠠᠭ︶︾᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠬᠤᠯᠪᠣᠭᠳᠠᠯ ᠪᠦᠬᠦᠢ ᠶᠠᠪᠤᠳᠠᠯ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠬᠤᠯᠪᠣᠭᠳᠠᠯ ᠪᠦᠬᠦᠢ ᠶᠠᠪᠤᠳᠠᠯ ᠵᠡᠷᠭᠡ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠡᠳᠬᠢᠯ ᠨᠢᠭᠡ ᠴᠢᠭᠯᠡᠯ ᠢᠶᠠᠷ ᠤᠷᠤᠭᠰᠢᠯᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠨᠠᠮ ᠤᠨ ᠪᠠᠶᠢᠭᠤᠯᠤᠯᠲᠠ ᠶᠢᠨ ᠬᠠᠭᠤᠳᠠᠰᠤ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠤᠬᠠᠮᠰᠠᠷ ᠠᠴᠠ ᠪᠠᠨ ᠠᠰᠠᠭᠤᠳᠠᠯ ᠢ ᠪᠠᠶᠢᠴᠠᠭᠠᠨ ᠦᠵᠡᠵᠦ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠠᠢ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠬᠦᠷᠢᠶᠡᠨ ᠤ ᠠᠵᠢᠯ ᠤᠨ ᠳᠤᠮᠳᠠ ᠪᠦᠬᠦ ᠲᠠᠯ᠎ᠠ ᠪᠠᠷ ᠲᠤᠭᠤᠰᠢᠯᠠᠭᠤᠯᠵᠤ᠂ ᠺᠠᠳ᠋ᠷ ᠤᠨ ᠰᠤᠷᠤᠯᠴᠠᠯᠭ᠎ᠠ ᠪᠣᠯᠪᠠᠰᠤᠷᠠᠯ ᠪᠣᠯᠤᠨ ᠤᠯᠠᠨ ᠲᠦᠮᠡᠨ ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ︔ ᠡᠯ᠎ᠡ ᠰᠠᠯᠠᠭ᠎ᠠ ᠮᠥᠴᠢᠷ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ᠂ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠷᠠᠯ ᠤᠨ ᠤᠷᠤᠭᠰᠢᠲᠠᠢ ᠬᠤᠷᠠᠯᠳᠤᠵᠤ᠂ ᠵᠢᠱᠢᠭᠰᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠤ ᠬᠡᠯᠡᠪᠡ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号