ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠬᠠᠶᠢᠷᠤᠪ ᠤᠨ ᠲᠤᠬᠤᠢ ᠲᠣᠭᠤᠷᠢᠭ ᠤᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/2
    12 ᠰᠠᠷ᠎ᠠ ᠶᠢᠨ 28᠎ ᠤ ᠡᠳᠦᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠬᠠᠶᠢᠷᠤᠪ ᠤᠨ ᠲᠤᠬᠤᠢ ᠲᠣᠭᠤᠷᠢᠭ ᠤᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ᠂ ᠬᠠᠶᠢᠷᠤᠪ ᠤᠨ ᠲᠤᠬᠤᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠲᠤᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠤᠭᠤᠳᠤᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠳᠠᠨ ᠪᠣᠯᠤᠨ ᠬᠠᠮᠢᠶ᠎ᠠ ᠪᠦᠬᠦᠢ ᠨᠢᠭᠡᠴᠢ ᠶᠢᠨ 100 ᠭᠠᠷᠤᠢ ᠲᠥᠯᠥᠭᠡᠯᠡᠭᠴᠢ ᠬᠤᠷᠠᠯ ᠳᠤ ᠣᠷᠣᠯᠴᠠᠪᠠ᠃
640 (4).jpg
       ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠶᠠᠷᠢᠶ᠎ᠠ ᠲᠠᠯᠪᠢᠵᠠᠢ
640 (5).jpg   
    ᠶᠡᠭᠡ ᠬᠤᠷᠠᠯ ᠠᠴᠠ 2023 ᠣᠨ ᠤ ︽ᠬᠠᠶᠢᠷᠤᠪ ᠤᠨ ᠲᠤᠬᠤᠢ ᠲᠣᠭᠤᠷᠢᠭ ᠤᠨ ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ︾᠎ ᠢ ᠬᠥᠬᠢᠭᠦᠯᠦᠨ ᠰᠠᠶᠢᠰᠢᠶᠠᠪᠠ
640 (6).jpg  
    ᠶᠡᠭᠡ ᠬᠤᠷᠠᠯ ᠠᠴᠠ 2023 ᠣᠨ ᠤ ︽ᠬᠠᠶᠢᠷᠤᠪ ᠤᠨ ᠲᠤᠬᠤᠢ ᠲᠣᠭᠤᠷᠢᠭ ᠤᠨ ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠬᠠᠪᠰᠤᠷᠤᠨ ᠵᠢᠯᠤᠭᠤᠳᠤᠭᠴᠢ︾᠎ ᠶᠢ ᠬᠥᠬᠢᠭᠦᠯᠦᠨ ᠰᠠᠶᠢᠰᠢᠶᠠᠪᠠ
640 (7).jpg  
    ᠶᠡᠭᠡ ᠬᠤᠷᠠᠯ ᠠᠴᠠ 2023 ᠣᠨ ᠤ ︽ᠬᠠᠶᠢᠷᠤᠪ ᠤᠨ ᠲᠤᠬᠤᠢ ᠲᠣᠭᠤᠷᠢᠭ ᠤᠨ ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠬᠠᠮᠲᠤ︾᠎ ᠶᠢ ᠬᠥᠬᠢᠭᠦᠯᠦᠨ ᠰᠠᠶᠢᠰᠢᠶᠠᠪᠠ    ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠪᠠᠭᠠᠴᠤᠳ ᠤᠨ ᠠᠵᠢᠯ ᠤᠨ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶᠂ ᠬᠠᠶᠢᠷᠤᠪ ᠤᠨ ᠲᠤᠬᠤᠢ ᠲᠣᠭᠤᠷᠢᠭ ᠤᠨ ᠳᠥᠷᠪᠡᠳᠦᠭᠡᠷ ᠬᠤᠭᠤᠴᠠᠭᠠᠨ ᠤ ᠪᠠᠭᠠᠴᠤᠳ ᠤᠨ ᠠᠵᠢᠯ ᠤᠨ ᠵᠥᠪᠯᠡᠯ ᠤᠨ ᠭᠡᠰᠢᠭᠦᠨ ᠤ ᠵᠢᠱᠢᠭᠳᠡᠭᠴᠢ ᠶᠢᠨ ᠨᠡᠷᠡᠰ ︵ᠲᠥᠰᠦᠯ︶᠎ ᠢ ᠪᠠᠲᠤᠯᠠᠪᠠ᠃ ᠬᠤᠷᠠᠯ ᠤᠨ ᠡᠴᠦᠰ ᠲᠤ᠂ ᠪᠦᠬᠦ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠠᠶᠢᠷᠤᠪ ᠤᠨ ᠲᠣᠬᠤᠢ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠳᠠᠭᠠᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠠᠭ ᠢᠮᠠᠭᠲᠠ ᠪᠡᠯᠡᠬᠡᠨ ᠪᠠᠶᠢᠬᠤ ᠵᠣᠷᠢᠭ ᠢᠶᠠᠨ ᠢᠯᠡᠳᠬᠡᠪᠡ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠷᠭᠠᠭᠤ ᠬᠠᠲᠠᠭᠤᠵᠢᠯᠲᠠᠢ ᠰᠤᠷᠤᠯᠴᠠᠵᠤ᠂ ᠡᠨᠧᠷᠭᠢ ᠬᠤᠷᠠᠮᠳᠤᠭᠤᠯᠵᠤ᠂ ᠬᠠᠶᠢᠷᠤᠪ ᠤᠨ ᠲᠤᠬᠤᠢ ᠶᠢᠨ ᠣᠨᠴᠠᠯᠢᠭ ᠲᠠᠢ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠰᠢᠰᠲ᠋ᠧᠮ ᠢ ᠪᠠᠶᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠲᠠᠪᠰᠢᠯᠳᠠ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠶ᠎ᠡ︕   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号