ᠰᠠᠶᠢᠨ ᠴᠢᠮᠡᠭᠡ︕ ᠬᠠᠶᠢᠷᠤᠪ ᠤᠨ ᠲᠣᠬᠤᠢ ᠶᠢᠨ ᠡᠨᠡᠬᠦ ᠲᠦᠷᠦᠯ ᠵᠦᠢᠯ ᠢ ᠪᠦᠬᠦᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2024/1/2
    ᠣᠶᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠣᠬᠤᠶ ᠲᠣᠭᠤᠷᠢᠭ ᠤᠨ ᠪᠦᠬᠦᠯᠢ ᠰᠢᠶᠠᠨ ᠤ ᠬᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠤᠶᠢᠯ ᠤᠨ ᠬᠡᠯᠲᠡᠰ ᠤᠨ ᠠᠵᠢᠯᠲᠠᠳ ᠢ ᠳᠠᠭᠠᠵᠤ ᠤᠷᠢᠳ ᠬᠤᠵᠢᠳ ᠬᠠᠶᠢᠷᠤᠪ ᠤᠨ ᠲᠣᠬᠤᠶ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ᠂ ᠬᠠᠶᠢᠷᠤᠪ ᠤᠨ ᠲᠣᠬᠤᠶ ᠲᠣᠭᠤᠷᠢᠭ ᠤᠨ ᠴᠡᠭᠡᠯ ᠠᠭᠤᠯᠠᠨ ᠤ ᠰᠤᠷᠭᠠᠭᠤᠯᠢ ᠂ ᠬᠠᠶᠢᠷᠤᠪ ᠤᠨ ᠲᠣᠬᠤᠶ ᠲᠣᠭᠤᠷᠢᠭ ᠤᠨ ᠲᠤᠸᠠᠨ ᠵᠢᠶᠧ ᠪᠠᠭ᠎ᠠ ᠰᠤᠷᠭᠠᠭᠤᠯᠢ ᠵᠡᠷᠭᠡ ᠲᠥᠷᠥᠯ ᠵᠤᠶᠢᠯ ᠤᠨ ᠴᠠᠬᠢᠯᠭᠠᠨ ᠬᠦᠷᠭᠡᠬᠦ ᠲᠤᠬᠠᠶ ᠶᠢᠨ ᠲᠠᠯᠠᠪᠠᠶ ᠳᠤ ᠬᠦᠷᠴᠦ᠂ ᠠᠵᠢᠯᠲᠠᠳ ᠴᠠᠬᠢᠯᠭᠠᠨ ᠬᠦᠴᠦᠳᠡᠯ᠂ ᠴᠠᠬᠢᠯᠭᠠᠨ ᠳᠡᠭᠡᠰᠦ ᠶᠢᠨ ᠬᠥᠨᠳᠡᠶᠢᠷᠡᠭᠦᠯᠬᠦ ᠰᠢᠯᠭᠠᠯᠲᠠ᠂ ᠰᠥᠷᠭᠡᠦ ᠬᠤᠪᠢᠰᠬᠠᠭᠤᠷ ᠢᠶᠠᠷ ᠳᠠᠮᠵᠢᠭᠤᠯᠤᠨ ᠲᠣᠭᠲᠠᠮᠠᠯ ᠭᠦᠶᠦᠳᠡᠯ ᠤᠨ ᠬᠤᠷᠠᠮᠠᠯ ᠤᠲᠠᠰᠤ ᠳᠤ ᠵᠠᠯᠭᠠᠬᠤ ᠵᠡᠷᠭᠡ ᠠᠯᠬᠤᠮ ᠳᠠᠷᠠᠭ᠎ᠠ ᠪᠠᠷ ᠳᠡᠮᠵᠢᠨ ᠬᠡᠷ ᠤᠨ ᠣᠷᠣᠶ ᠶᠢᠨ ᠬᠡᠷᠡᠯ ᠴᠡᠨᠡᠭ ᠤᠨ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠠᠵᠢᠯ ᠢ ᠪᠡᠶᠡᠯᠡᠭᠦᠯᠪᠡ᠃    ︽ᠪᠢ ᠤᠳᠤ ᠬᠠᠶᠢᠷᠤᠪ ᠤᠨ ᠲᠤᠬᠤᠢ ᠲᠣᠭᠤᠷᠢᠭ ᠤᠨ ᠪᠦᠬᠦᠯᠢ ᠰᠢᠶᠠᠨ ᠤ ᠭᠡᠷ ᠤᠨ ᠣᠷᠣᠢ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠤᠨ ᠲᠦᠷᠦᠯ ᠵᠦᠢᠯ ᠲᠤᠸᠠᠨ ᠵᠢᠶᠧ ᠪᠠᠭ᠎ᠠ ᠰᠤᠷᠭᠠᠭᠤᠯᠢ ᠶᠢᠨ ᠲᠦᠷᠦᠯ ᠵᠦᠢᠯ ᠤᠨ ᠴᠠᠬᠢᠯᠭᠠᠨ ᠬᠦᠷᠭᠡᠬᠦ ᠲᠤᠬᠠᠢ ᠶᠢᠨ ᠲᠠᠯᠠᠪᠠᠢ ᠳᠤ᠂ ᠲᠤᠸᠠᠨ ᠵᠢᠶᠧ ᠪᠠᠭ᠎ᠠ ᠰᠤᠷᠭᠠᠭᠤᠯᠢ ᠶᠢᠨ ᠲᠦᠷᠦᠯ ᠵᠦᠢᠯ ᠤᠨ ᠴᠠᠬᠢᠯᠭᠠᠨ ᠬᠦᠷᠭᠡᠬᠦ ᠨᠢ ᠬᠠᠶᠢᠷᠤᠪ ᠤᠨ ᠲᠤᠬᠤᠢ ᠲᠣᠭᠤᠷᠢᠭ ᠤᠨ ᠪᠦᠬᠦᠯᠢ ᠰᠢᠶᠠᠨ ᠤ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠤᠨ ᠲᠦᠷᠦᠯ ᠵᠦᠢᠯ ᠪᠦᠬᠦᠨ ᠢᠶᠠᠷ ᠢᠶᠠᠨ ᠴᠠᠬᠢᠯᠭᠠᠨ ᠭᠠᠷᠭᠠᠵᠤ ᠪᠠᠶᠢᠬᠤ ᠶᠢ ᠬᠠᠷᠠᠭᠤᠯᠵᠤ ᠪᠠᠶᠢᠨ᠎ᠠ︾ ᠭᠡᠵᠦ ᠬᠡᠯᠡᠪᠡ᠃ ᠦᠬᠠᠶ ᠶᠢᠨ ᠯᠦᠩ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠪᠦᠬᠦᠯᠢ ᠰᠢᠶᠠᠨ ᠤ ᠬᠡᠷ ᠤᠨ ᠣᠷᠣᠶ ᠬᠡᠷᠡᠯ ᠴᠡᠨᠡᠭ ᠤᠨ ᠲᠥᠷᠥᠯ ᠵᠦᠢᠯ ᠤᠨ ᠳᠠᠭᠠᠭᠠᠮᠠᠯ ᠵᠢᠶᠤᠤ ᠲᠠᠩ ᠯᠸᠢ ᠰᠡᠳᠬᠢᠯ ᠳᠣᠭᠳᠣᠯᠤᠨ ᠰᠤᠷᠪᠤᠯᠵᠢᠯᠠᠭᠴᠢ ᠳᠤ ᠬᠡᠯᠡᠵᠡᠶ᠃ ᠲᠦᠷᠦᠯ ᠵᠦᠢᠯ ᠢ ᠠᠵᠢᠯ ᠡᠬᠢᠯᠡᠭᠦᠯᠦᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠰᠲᠠᠢ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠦᠷᠦᠯ ᠵᠦᠢᠯ ᠤᠨ ᠬᠡᠯᠲᠡᠰ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠦ᠂ ᠲᠤᠰ ᠲᠦᠷᠦᠯ ᠵᠦᠢᠯ ᠤᠨ ᠤᠷᠤᠭᠰᠢᠲᠠᠢ ᠳᠠᠭᠤᠰᠬᠤ ᠶᠢ ᠪᠠᠲᠤᠯᠠᠵᠤ᠂ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃    ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ᠤᠨ ᠪᠥᠬᠦ ᠰᠢᠶᠠᠨ ᠤ ᠬᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠤᠶᠢᠯ ᠢ 2021 ᠣᠨ ᠤ 9 ᠳ᠋ᠦ᠋ᠭᠡᠷ ᠰᠠᠷ᠎ᠠ ᠶᠢᠨ 13᠎ ᠤ ᠡᠳᠦᠷ ᠠᠵᠢᠯ ᠡᠬᠢᠯᠡᠭᠦᠯᠵᠦ᠂ ᠦᠬᠠᠶ ᠬᠤᠲᠠ ᠶᠢᠨ ᠯᠦᠩ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠪᠠᠶᠢᠭᠤᠯᠵᠤ᠂ ᠲᠥᠷᠥᠯ  ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ 1200 ᠲᠦᠮᠡᠨ ᠲᠥᠭᠦᠷᠢᠭ ᠲᠤ ᠬᠦᠷᠴᠦ᠂ ᠨᠡᠶᠢᠲᠡ 13 ᠲᠥᠷᠥᠯ ᠵᠤᠶᠢᠯ ᠲᠣᠬᠢᠷᠠᠭᠤᠯᠵᠤ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ 3.2MW ᠪᠠᠶᠢᠵᠤ᠂ ᠣᠲᠣ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠱᠢᠯᠲᠡ ᠪᠠᠷ ᠵᠢᠯ ᠳᠤ 460 ᠲᠦᠮᠡᠨ ᠺᠢᠯᠣᠸᠠᠲ ᠴᠠᠭ ᠴᠠᠬᠢᠯᠭᠠᠨ ᠭᠠᠷᠭᠠᠵᠤ᠂ ᠪᠠᠷᠢᠮᠵᠢᠶᠠᠲᠤ ᠨᠡᠭᠦᠷᠡᠰᠦ ᠬᠡᠷᠡᠭᠯᠡᠬᠦ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠬᠡᠮᠵᠢᠶ᠎ᠡ ᠶᠢ ᠶᠡᠭᠡ ᠪᠠᠷ ᠪᠠᠭᠠᠰᠬᠠᠵᠤ᠂ ᠨᠡᠷᠡᠨ ᠤ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠳᠡᠭᠡᠭᠰᠢᠯᠡᠵᠦ᠂ ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠣᠷᠴᠢᠨ ᠠᠬᠤᠶ ᠶᠢᠨ ᠦᠷ᠎ᠡ ᠠᠰᠢᠭ ᠨᠡᠯᠢᠶᠡᠳ ᠢᠯᠡᠳᠲᠡ ᠪᠣᠯᠪᠠ᠃    ᠭᠡᠷ ᠤᠨ ᠣᠷᠣᠢ ︽ᠴᠠᠬᠢᠯᠭᠠᠨ ᠭᠠᠷᠭᠠᠬᠤ ᠥᠷᠲᠡᠭᠡ︾ ᠪᠣᠯᠵᠤ ᠪᠣᠬᠢᠷᠲᠤᠯ ᠦᠭᠡᠢ ᠡᠨᠧᠷᠭᠢ ᠶᠢᠨ ᠬᠥᠭᠵᠢᠯᠲᠡ ᠶᠢ ᠠᠬᠢᠭᠤᠯᠤᠶ᠎ᠠ᠃ ᠰᠢᠨ᠎ᠡ ᠡᠨᠧᠷᠭᠢ ᠪᠣᠯᠤᠨ ᠳᠠᠬᠢᠨ ᠡᠭᠦᠰᠴᠦ ᠪᠣᠯᠬᠤ ᠡᠨᠧᠷᠭᠢ ᠶᠢ ᠶᠡᠬᠡᠪᠡᠷ ᠬᠥᠭᠵᠢᠭᠦᠯᠬᠦ ᠪᠣᠯ ᠮᠠᠨ ᠤ ᠤᠯᠤᠰ ᠤᠨ ᠡᠨᠧᠷᠭᠢ ᠶᠢᠨ ᠪᠦᠲᠦᠴᠡ ᠶᠢ ᠰᠠᠶᠢᠵᠢᠷᠠᠭᠤᠯᠬᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠴᠢᠬᠤᠯᠠ ᠡᠭᠦᠷᠭᠡ ᠪᠣᠯᠤᠨ᠎ᠠ᠂ ᠪᠦᠬᠦ᠋ᠢᠯᠡ ᠰᠢᠶᠠᠨ ᠤ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠤᠨ ᠲᠦᠷᠦᠯ ᠵᠦᠢᠯ ᠪᠣᠯ ᠬᠠᠶᠢᠷᠤᠪ ᠤᠨ ᠲᠤᠬᠤᠢ ᠶᠢᠨ ᠰᠢᠨ᠎ᠡ ᠬᠠᠭᠤᠴᠢᠨ ᠡᠨᠧᠷᠭᠢ ᠶᠢᠨ ᠡᠮᠬᠢ ᠵᠢᠷᠤᠮ ᠲᠠᠢ ᠪᠠᠷ ᠣᠷᠣᠯᠠᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠠᠷᠭ᠎ᠠ ᠪᠠᠷᠢᠯ ᠪᠣᠯᠤᠨ᠎ᠠ᠂ ᠬᠠᠶᠢᠷᠤᠪ ᠤᠨ ᠲᠤᠬᠤᠢ ᠲᠣᠭᠤᠷᠢᠭ ︽ᠬᠤᠣᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠡᠨᠧᠷᠭᠢ ᠶᠢᠨ ᠠᠰᠢᠭᠯᠠᠯᠲᠠ ᠶᠢ ᠴᠡᠪᠡᠷᠰᠢᠭᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠠᠷᠪᠢᠯᠠᠨ ᠭᠠᠮᠨᠠᠬᠤ ᠶᠢ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠳᠤ ᠬᠠᠶᠢᠷᠤᠪ ᠤᠨ ᠲᠤᠬᠤᠢ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号