ᠰᠦᠨ ᠬᠤᠤ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/29
    ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢ ᠤᠭᠲᠤᠬᠤ᠂ ᠴᠠᠭᠠᠨ ᠰᠠᠷ᠎ᠠ ᠶᠢᠨ ᠪᠠᠶᠠᠷ ᠪᠣᠯᠬᠤ ᠭᠡᠵᠦ ᠪᠠᠶᠢᠨ᠎ᠠ᠂ ᠨᠠᠮ ᠪᠣᠯᠤᠨ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠢ ᠡᠪᠦᠷᠯᠡᠵᠦ᠂ ᠤᠢᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠪᠣᠯᠤᠨ ᠡᠮᠨᠡᠯᠭᠡ ᠶᠢᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃
640 (1).png   
    ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠤᠨ ᠲᠥᠪ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠡᠭ ᠲᠤ᠂ ᠰᠦᠨ ᠬᠤᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠠᠢ ᠳᠣᠲᠣᠨᠣ ᠪᠠᠷ ᠭᠠᠷ ᠠᠳᠬᠤᠬᠤ ᠶᠢᠨ ᠬᠠᠮᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠳᠡᠨ ᠤ ᠥᠩᠭᠡᠷᠡᠭᠰᠡᠨ ᠨᠢᠭᠡ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤ ᠠᠵᠢᠯᠲᠠᠳ ᠠᠴᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠪᠤᠵᠠᠷ ᠪᠤᠷᠲᠠᠭ ᠠᠴᠠ ᠠᠶᠤᠬᠤ ᠦᠭᠡᠢ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠰᠤᠷᠤᠯᠴᠠᠵᠤ᠂ ᠤᠯᠠᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠮᠤᠷ ᠲᠦᠪᠰᠢᠨ ᠡᠮᠬᠢ ᠵᠢᠷᠤᠮ ᠲᠠᠢ᠂ ᠠᠷᠢᠭᠤᠨ ᠴᠡᠪᠡᠷ ᠬᠤᠳᠠ ᠶᠢᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠪᠠ᠃
640 (3).jpg   
    ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠤ ᠭᠡᠷ ᠲᠤ᠂ ᠰᠦᠨ ᠬᠤᠤ ᠠᠬᠠᠮᠠᠳ ᠨᠠᠮ ᠤᠨ ᠭᠡᠰᠢᠭᠦᠨ ᠤ ᠪᠡᠶ᠎ᠡ ᠮᠠᠬᠠᠪᠣᠳ᠂ ᠠᠮᠢᠳᠤᠷᠠᠯ ᠵᠢᠴᠢ ᠭᠡᠷ ᠪᠦᠯᠢ ᠶᠢᠨ ᠪᠠᠶᠢᠳᠠᠯ ᠢ ᠬᠠᠯᠠᠮᠵᠢᠯᠠᠨ ᠣᠶᠢᠯᠠᠭᠠᠵᠤ᠂ ᠲᠡᠳᠡᠨ ᠳᠤ ᠬᠦᠴᠢᠷᠳᠡᠯ ᠲᠠᠢ ᠪᠠᠶᠢᠵᠤ᠂ ᠠᠰᠠᠭᠤᠳᠠᠯ ᠲᠠᠢ ᠪᠣᠯ ᠴᠠᠭ ᠲᠤᠬᠠᠢ ᠳᠤᠨᠢ ᠨᠡᠶᠢᠭᠡᠮ ᠲᠣᠭᠤᠷᠢᠭ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠲᠤᠰᠬᠠᠵᠤ᠂ ᠲᠡᠳᠡᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠠᠮᠢᠳᠤᠷᠠᠯ ᠳᠠᠭᠠᠨ ᠪᠠᠶᠠᠰᠤᠩᠭᠤᠢ ᠬᠠᠨᠳᠤᠵᠤ᠂ ᠨᠠᠮ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠣᠯᠤᠨ ᠲᠤᠰ ᠪᠡᠶ᠎ᠡ ᠶᠢᠨ ᠰᠢᠷᠭᠠᠭᠤ ᠴᠢᠷᠮᠠᠶᠢᠯᠭ᠎ᠠ ᠪᠠᠷ ᠠᠮᠢᠳᠤᠷᠠᠯ ᠯᠠᠪᠲᠠᠢ ᠤᠯᠠᠮ ᠠᠴᠠ ᠤᠯᠠᠮ ᠰᠠᠶᠢᠵᠢᠷᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠠᠬᠢᠪᠠ᠃
640 (4).jpg   
    ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ᠂ ᠰᠦᠨ ᠬᠤᠤ ᠤᠢᠢᠷ᠎ᠠ ᠶᠢᠨ ᠬᠤᠭᠤᠴᠠᠭᠠᠨ ᠤ ᠡᠪᠡᠳᠴᠢᠲᠡᠨ ᠢ ᠬᠦᠯᠢᠶᠡᠨ ᠠᠪᠴᠤ ᠵᠠᠰᠠᠬᠤ᠂ ᠲᠦᠷᠭᠡᠨ ᠡᠮᠨᠡᠬᠦ ᠠᠵᠢᠯᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠵᠤ᠂ ᠥᠷᠭᠡᠨ ᠤᠯᠠᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠳ ᠤᠨ ᠬᠠᠶᠢᠷᠤᠪ ᠤᠨ ᠲᠤᠬᠤᠢ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠴᠢᠷᠮᠠᠶᠢᠯᠭ᠎ᠠ ᠪᠠ ᠬᠤᠪᠢ ᠨᠡᠮᠡᠷᠢ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠪᠠᠶᠢᠳᠠᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠣᠨᠣᠰᠢᠯᠠᠨ ᠡᠮᠨᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠪᠡᠳᠴᠢᠲᠡᠨ ᠳᠤ ᠨᠠᠩ ᠴᠢᠨᠠᠷ ᠰᠠᠶᠢᠲᠠᠶ᠂ ᠨᠠᠩ ᠥᠨᠳᠥᠷ ᠪᠦᠲᠦᠮᠵᠢᠲᠡᠶ᠂ ᠨᠠᠩ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号